29.7%᠄ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠪᠦᠭᠦ ᠤᠯᠤᠰ  ᠤᠨ ᠭᠤᠷᠪᠠᠳᠤᠭᠠᠷ ᠲᠤ ᠵᠢᠭᠰᠠᠪᠠ
ᠨᠡᠶᠢᠲᠡᠯᠡᠭᠰᠡᠨ ᠴᠠᠭ᠄
2024/1/15
     - 2023 ᠣᠨ ᠤ ᠡᠷᠭᠢᠴᠡᠭᠦᠯᠦᠯ • ᠰᠢᠷᠢᠰ ᠮᠡᠳᠡᠭᠡᠯᠡᠯ ⑦      2023 ᠣᠨ ᠳᠤ ᠳᠡᠯᠡᠬᠡᠢ   ᠶᠢᠨ ᠪᠠᠶᠢᠳᠠᠯ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠳᠡᠯᠡᠬᠡᠢ ᠶᠢᠨ ᠠᠷᠠᠯᠵᠢᠶᠠᠨ ᠤ ᠬᠡᠷᠡᠭᠴᠡᠭᠡ ᠠᠨᠠᠢ ᠪᠠᠶᠢᠭᠰᠠᠨ ᠴᠦ ᠮᠠᠨ ᠤ ᠣᠷᠣᠨ ᠬᠦᠴᠢᠷ   ᠢ ᠰᠥᠷᠦᠨ ᠤᠷᠤᠭᠰᠢᠯᠠᠵᠤ᠂ ᠠᠯᠢ ᠤᠯᠠᠨ ᠪᠦᠳᠦᠮᠵᠢᠳᠠᠢ ᠠᠷᠭ᠎ᠠ ᠬᠡᠮᠵᠢᠶ᠎ᠡ ᠠᠪᠴᠤ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠨ ᠶᠠᠰᠤ ᠴᠢᠨᠠᠷ  ᠢ ᠳᠡᠭᠡᠭᠰᠢᠯᠡᠭᠦᠯᠭᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠭᠰᠠᠨ ᠠᠴᠠ ᠪᠠᠶᠠᠷᠯᠠᠭᠤᠰᠢᠲᠠᠢ ᠠᠮᠵᠢᠯᠲᠠ ᠣᠯᠵᠠᠢ᠃ ᠲᠦᠷᠦᠭᠦᠦ 11 ᠰᠠᠷ᠎ᠠ ᠳᠤ ᠪᠦᠭᠦ ᠣᠷᠣᠨ ᠤ ᠡᠳ᠋ ᠪᠠᠷᠠᠭᠠᠨ ᠤ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠬᠡᠮᠵᠢᠶ᠎ᠡ 1721.5 ᠳ᠋ᠦᠩᠰᠢᠭᠤᠷ ᠲᠥᠭᠦᠷᠢᠭ ᠲᠤ ᠬᠦᠷᠴᠦ᠂ 2 ᠰᠠᠷ᠎ᠠ ᠤᠷᠢᠳᠴᠢᠯᠠᠨ 2022 ᠣᠨ ᠤ ᠪᠦᠭᠦ ᠵᠢᠯ ᠤᠨ ᠬᠡᠮᠵᠢᠶ᠎ᠡ ᠠᠴᠠ ᠳᠠᠪᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 29.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠪᠠᠷ  ᠪᠦᠭᠦ  ᠤᠯᠤᠰ ᠤᠨ ᠭᠤᠷᠪᠠᠳᠤᠭᠠᠷ ᠲᠤ ᠵᠢᠭᠰᠠᠪᠠ᠃      ︽2023 ᠣᠨ ᠳᠤ ᠮᠠᠨ ᠤ ᠣᠷᠣᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠡᠵᠡᠩᠨᠡᠯᠲᠡ ᠶᠢᠨ ᠭᠡᠯᠪᠡᠷᠢ ᠶᠢ ᠨᠡᠮᠡᠭᠳᠡᠭᠦᠯᠬᠦ᠂ ᠪᠦᠲᠦᠴᠡ ᠶᠢ ᠲᠣᠬᠢᠷᠠᠭᠤᠯᠬᠤ᠂ ᠵᠠᠬ᠎ᠠ ᠳᠡᠯᠭᠡᠭᠦᠷ ᠢ ᠥᠷᠭᠡᠳᠬᠡᠬᠦ᠂ ᠭᠡᠯᠪᠡᠷᠢ ᠶᠢ ᠬᠤᠪᠢᠷᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠳᠠᠭᠠᠳᠤ ᠠᠷᠠᠯᠵᠢᠶᠠᠨ ᠤ ᠰᠢᠨ᠎ᠡ ᠪᠠᠶᠢᠳᠠᠯ ᠢ ᠡᠭᠦᠳᠴᠡᠢ᠃ ᠭᠠᠳᠠᠭᠠᠳᠤ ᠠᠷᠠᠯᠵᠢᠶᠠᠨ ᠤ ᠡᠷᠭᠢᠯᠲᠡ ᠶᠢᠨ ᠪᠠᠶᠢᠳᠠᠯ ᠠᠴᠠ ᠦᠵᠡᠪᠡᠯ ᠪᠦᠭᠦ ᠵᠢᠯ ᠤᠨ ᠭᠠᠳᠠᠭᠠᠳᠤ ᠤᠷᠤᠭᠤᠯᠤᠯᠳᠠ ᠭᠠᠷᠭᠠᠯᠲᠠ ᠶᠢᠨ ᠬᠡᠮᠵᠢᠶ᠎ᠡ 1800 ᠳ᠋ᠦᠩᠰᠢᠭᠤᠷ ᠲᠥᠭᠦᠷᠢᠭ ᠢ ᠰᠠᠨᠠᠭ᠎ᠠ ᠠᠮᠤᠷ ᠳᠠᠪᠠᠵᠤ᠂ ᠲᠡᠦᠬᠡᠨ ᠰᠢᠨ᠎ᠡ ᠲᠡᠮᠳᠡᠭᠯᠡᠯ ᠢ  ᠡᠭᠦᠳᠬᠦ  ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ  ᠤᠨ ᠲᠢᠩᠬᠢᠮ ᠤᠨ ᠭᠠᠳᠠᠭᠠᠳᠤ  ᠠᠷᠠᠯᠵᠢᠶᠠᠨ ᠤ ᠭᠠᠵᠠᠷ ᠤᠨ ᠳᠡᠳ᠋  ᠳᠠᠷᠤᠭ᠎ᠠ ᠯᠢ ᠴᠦᠨ ᠶᠠᠩ  ᠤᠷᠮᠠᠲᠠᠢ ᠶᠠᠷᠢᠨ᠎ᠠ᠃      ᠪᠠᠶᠠᠨᠨᠠᠭᠤᠷ ᠬᠤᠲᠠ ᠭᠠᠳᠠᠭᠠᠳᠤ ᠠᠷᠠᠯᠵᠢᠶᠠᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠᠷ ᠳᠠᠮᠵᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠬᠡᠷᠡᠭᠯᠡᠭᠴᠢᠳ ᠲᠠᠢ ᠬᠠᠷᠢᠯᠴᠠᠵᠤ ᠵᠠᠬᠢᠶᠠᠯᠠᠭ᠎ᠠ ᠣᠯᠬᠤ ᠪᠠᠷ ᠴᠢᠷᠮᠠᠶᠢᠬᠤ ᠶᠢᠨ ᠬᠠᠮᠲᠤ᠂ ᠠᠵᠤ ᠠᠬᠤᠶᠢᠯᠠᠯ ᠳᠤ ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠤᠨ ᠬᠠᠮᠢᠶ᠎ᠠ  ᠪᠦᠬᠦᠢ  ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠬᠦᠷᠲᠡᠭᠡᠵᠦ᠂ ᠪᠣᠭᠤᠮᠲᠠ ᠶᠢᠨ ᠭᠠᠶᠢᠯᠢ ᠶᠢ ᠪᠠᠭᠠᠰᠬᠠᠨ ᠡᠵᠡᠩᠨᠡᠯᠲᠡ ᠶᠢᠨ ᠥᠪᠡᠷ ᠤᠨ ᠥᠷᠲᠡᠭ ᠢ ᠨᠢ ᠪᠠᠭᠤᠷᠠᠭᠤᠯᠪᠠ᠃ ᠤᠳᠤ ᠲᠤᠰ ᠬᠤᠳᠠ ᠶᠢᠨ ᠤᠰᠤ ᠦᠭᠡᠶᠢᠳᠡᠭᠦᠯᠦᠭᠰᠡᠨ ᠢᠳᠡᠰᠢᠨ ᠨᠣᠭᠤᠭ᠎ᠠ᠂ ᠬᠤᠨᠢᠨ ᠮᠢᠬ᠎ᠠ᠂ ᠨᠣᠣᠯᠣᠭᠤᠷ ᠤᠨ ᠪᠦᠲᠦᠭᠡᠭᠳᠡᠬᠦᠨ ᠪᠣᠯᠣᠨ ᠬᠢᠲᠠᠳ ᠡᠮ  ᠤᠨ ᠮᠠᠲ᠋ᠧᠷᠢᠶᠠᠯ ᠵᠡᠷᠭᠡ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ  ᠪᠦᠭᠦ  ᠳᠡᠯᠡᠬᠡᠢ   ᠶᠢᠨ 100 ᠭᠠᠷᠤᠢ ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠵᠤ  ᠪᠤᠢ᠃      ᠠᠵᠤ ᠠᠬᠤᠶᠢᠯᠠᠯ ᠪᠣᠯ ᠭᠠᠳᠠᠭᠠᠳᠤ ᠠᠷᠠᠯᠵᠢᠶᠠᠨ ᠤ ᠭᠤᠣᠯ ᠴᠣᠭᠴᠠ ᠪᠠᠶᠢᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠡᠵᠡᠩᠨᠡᠯᠲᠡ ᠶᠢᠨ ᠬᠡᠪᠴᠢᠶ᠎ᠡ ᠶᠢ ᠨᠢ ᠬᠠᠪᠰᠤᠷᠤᠨ ᠥᠷᠭᠡᠳᠬᠡᠬᠦ ᠪᠣᠯ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ᠃︽2023 ᠣᠨ ᠳᠤ ᠥᠪᠡᠷᠲᠡᠭᠡᠨ ᠵᠠᠰᠠᠬᠤ ᠣᠷᠣᠨ ᠠᠴᠠ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ  ᠶᠢ ᠰᠢᠯᠢᠳᠡᠭᠵᠢᠭᠦᠯᠬᠦ ᠶᠢ ᠠᠬᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ 32 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯ ᠤᠨ ᠲᠤᠰᠬᠠᠢ ᠠᠩᠭᠢ ᠪᠣᠯᠣᠨ ᠭᠠᠳᠠᠭᠠᠳᠤ ᠠᠷᠠᠯᠵᠢᠶᠠᠨ ᠤ ᠠᠵᠢᠯ ᠤᠨ ᠲᠢᠩᠬᠢᠮ ᠲᠣᠪᠴᠢᠶ᠎ᠠ ᠶᠢᠨ ᠬᠤᠭᠤᠷᠣᠨᠳᠣᠭᠢ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠪᠠ︾ ᠭᠡᠵᠦ ᠯᠢ ᠴᠦᠨ ᠶᠠᠩ ᠲᠠᠨᠢᠯᠴᠠᠭᠤᠯᠤᠨ᠎ᠠ᠃ ᠪᠦᠭᠦ ᠣᠷᠣᠨ ᠤ ᠠᠩᠬᠠᠳᠠᠭᠴᠢ ᠦᠷ᠎ᠡ ᠴᠢᠮᠦᠭᠡ ᠶᠢᠨ ᠲᠦᠷᠦᠯ ᠤᠨ ᠮᠡᠷᠭᠡᠵᠢᠯ ᠤᠨ ᠴᠢᠨᠠᠷᠲᠠᠢ ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠤᠨ ᠦᠨᠡᠯᠡᠬᠦ ᠰᠠᠭᠤᠷᠢᠨ ᠪᠠᠶᠠᠨᠨᠠᠭᠤᠷ ᠲᠤ ᠪᠠᠶᠢᠭᠤᠯᠤᠬᠳᠠᠪᠠ; TIR ᠣᠯᠠᠨ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ ᠪᠦᠭᠦ ᠤᠯᠤᠰ ᠲᠤ ᠲᠦᠷᠦᠭᠦᠯᠡᠵᠦ᠂ ᠪᠣᠷᠣᠳᠣᠬᠤᠢ ᠶᠢᠨ ᠠᠮᠲᠠᠲᠤ ᠭᠤᠸᠠ᠂ ᠬᠥᠯᠥᠨ ᠪᠤᠶᠢᠷ ᠤᠨ ᠪᠣᠷᠣ ᠮᠠᠭᠠᠵᠢ ᠶᠢᠨ ᠲᠣᠰᠣ᠂ ᠤᠯᠠᠭᠠᠨᠴᠠᠪ ᠤᠨ ᠰᠢᠨ᠎ᠡ ᠰᠣᠷᠭᠤᠭ ᠲᠥᠮᠥᠰᠥ ᠵᠡᠷᠭᠡ 5 ᠵᠦᠢᠯ ᠤᠨ ᠣᠨᠴᠠᠯᠢᠭᠲᠤ ᠢᠳᠡᠭᠡᠨ ᠤ ᠵᠦᠢᠯᠡᠰ ᠢ ᠠᠩᠬ᠎ᠠ ᠤᠳᠠᠭ᠎ᠠ ᠭᠠᠳᠠᠭᠠᠳᠤ ᠳᠤ ᠭᠠᠷᠭᠠᠨ ᠰᠢᠨ᠎ᠡ ᠵᠠᠬ᠎ᠠ ᠳᠡᠯᠭᠡᠭᠦᠷ ᠢ ᠨᠡᠭᠡᠭᠡᠪᠡ ; ᠡᠷᠢᠶᠡᠨ ᠬᠤᠲᠠ ᡁᠢ ᠹᠦ᠋ ᠪᠤᠤ ᠳᠡᠭᠡᠷ᠎ᠡ ᠮᠣᠩᠭᠤᠯ ᠤᠯᠤᠰ ᠤᠨ ᠪᠠᠩᠬᠢ ᠶᠢᠨ ᠺᠠᠷᠲ ᠢ ᠬᠤᠯᠪᠣᠵᠤ ᠬᠢᠯᠢ ᠶᠢᠨ ᠳᠣᠲᠣᠷ᠎ᠠ ᠪᠠᠭ᠎ᠠ ᠲᠣᠭᠠᠨ ᠤ ᠰᠢᠯᠵᠢᠮᠡᠯ ᠲᠣᠭᠠᠴᠠᠭ᠎ᠠ ᠬᠢᠬᠦ ᠶᠢ ᠪᠡᠶᠡᠯᠡᠭᠦᠯᠦᠭᠰᠡᠨ ᠪᠦᠭᠦ ᠤᠯᠤᠰ ᠤᠨ ᠤᠤᠭᠠᠨ ᠬᠢᠯᠢ ᠶᠢᠨ ᠪᠣᠭᠤᠮᠲᠠ ᠶᠢᠨ ᠭᠠᠵᠠᠷ ᠣᠷᠣᠨ ᠪᠤᠯᠵᠠᠶ; ᠲᠤᠮᠳᠠᠳᠤ ᠤᠯᠤᠰ ᠤᠨ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠺᠤᠮᠫᠠᠨᠢ ᠭᠠᠳᠠᠭᠠᠳᠤ ᠭᠠᠷᠭᠠᠯᠲᠠ ᠶᠢᠨ 700 ᠭᠠᠷᠤᠢ ᠠᠵᠤ ᠠᠬᠤᠶᠢᠯᠠᠯ ᠳᠤ ᠲᠤᠰᠬᠠᠢ ᠦᠢᠯᠡᠴᠢᠯᠡᠭᠡ ᠬᠠᠩᠭᠠᠪᠠ ᠁ 2023 ᠣᠨ ᠳᠤ ᠪᠦᠭᠦ ᠣᠷᠣᠨ ᠤ ᠡᠯ᠎ᠡ ᠭᠠᠵᠠᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠦᠢᠯᠡᠴᠢᠯᠡᠭᠡ ᠪᠠᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠠᠯᠢ ᠤᠯᠠᠨ ᠰᠢᠨ᠎ᠡ ᠠᠷᠭ᠎ᠠ ᠬᠡᠮᠵᠢᠶ᠎ᠡ ᠠᠪᠴᠤ ᠡᠵᠡᠩᠨᠡᠯᠲᠡ ᠶᠢᠨ ᠬᠡᠪᠴᠢᠶ᠎ᠡ   ᠶᠢ ᠨᠢ  ᠲᠠᠰᠤᠷᠠᠯᠳᠠ ᠦᠭᠡᠢ  ᠥᠷᠭᠡᠳᠬᠡᠭᠰᠡᠨ ᠪᠠᠶᠢᠨ᠎ᠠ᠃      2023 ᠣᠨ ᠤ 3 ᠰᠠᠷ᠎ᠠ   ᠳᠤ᠂ ᠭᠦᠭᠡᠬᠤᠳᠡ ᠰᠢᠨ᠎ᠡ ᠡᠨᠧᠷᠭᠢ ᠶᠢᠨ ᠮᠠᠰᠢᠨ ᠲᠡᠷᠭᠡ᠂ ᠪᠠᠷᠢᠯᠭ᠎ᠠ ᠶᠢᠨ ᠮᠠᠰᠢᠨ ᠲᠡᠷᠭᠡ᠂ ᠥᠭᠡᠷᠡᠴᠢᠯᠡᠨ ᠤᠭᠰᠠᠷᠠᠭᠰᠠᠨ ᠮᠠᠰᠢᠨ ᠲᠡᠷᠭᠡ ᠵᠡᠷᠭᠡ ᠭᠠᠷ ᠳᠠᠮᠵᠢᠭᠰᠠᠨ 60 ᠮᠠᠰᠢᠨ ᠲᠡᠷᠭᠡ ᠶᠢ ᠳᠤᠮᠳᠠ ᠠᠽᠢᠶ᠎ᠠ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠣᠷᠣᠨ ᠳᠤ ᠭᠠᠷᠭᠠᠪᠠ᠃ ᠡᠨᠡ ᠪᠣᠯ ᠭᠦᠭᠡᠬᠤᠳᠠ ᠶᠢᠨ ᠲᠦᠷᠦᠭᠦᠤ ᠪᠦᠯᠦᠭ ᠤᠨ ᠭᠠᠳᠠᠭᠠᠳᠤ ᠳᠤ ᠭᠠᠷᠭᠠᠭᠰᠠᠨ ᠭᠠᠷ ᠳᠠᠮᠵᠢᠭᠰᠠᠨ ᠮᠠᠰᠢᠨ ᠲᠡᠷᠭᠡ ᠨᠦᠭᠦᠳ ᠪᠣᠯᠣᠨ᠎ᠠ᠃ 2023 ᠣᠨ ᠳᠤ ᠭᠦᠭᠡᠬᠤᠲᠠ ᠪᠣᠯᠣᠨ ᠣᠷᠳᠣᠰ ᠬᠤᠳᠠ ᠶᠢᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ  ᠳᠤ ᠭᠠᠷᠭᠠᠬᠤ ᠲᠤᠷᠰᠢᠯᠲᠠ ᠶᠢᠨ ᠴᠡᠭ ᠤᠨ ᠠᠵᠢᠯ ᠪᠣᠳᠠᠲᠤ ᠦᠷ᠎ᠡ ᠪᠦᠲᠦᠮᠵᠢ ᠣᠯᠵᠤ᠂ ᠲᠦᠷᠦᠭᠦᠦ 11 ᠰᠠᠷ᠎ᠠ ᠳᠤ ᠨᠡᠶᠢᠳᠡ ᠭᠠᠷ ᠳᠠᠮᠵᠢᠭᠰᠠᠨ 4858 ᠮᠠᠰᠢᠨ ᠲᠡᠷᠭᠡ ᠶᠢ ᠭᠠᠳᠠᠭᠠᠳᠤ ᠳᠤ ᠭᠠᠷᠭᠠᠪᠠ᠃ ︽ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠣᠯ ᠭᠠᠳᠠᠭᠠᠳᠤ ᠠᠷᠠᠯᠵᠢᠶᠠᠨ ᠤ ᠨᠢᠭᠡᠨ ᠰᠢᠨ᠎ᠡ ᠡᠵᠡᠩᠨᠡᠯᠲᠡ ᠶᠢᠨ ᠭᠡᠯᠪᠡᠷᠢ ᠮᠥᠨ᠃ ᠮᠠᠨ ᠤ ᠣᠷᠣᠨ ᠰᠢᠨ᠎ᠡ ᠡᠵᠡᠩᠨᠡᠯᠲᠡ ᠶᠢᠨ ᠭᠡᠯᠪᠡᠷᠢ ᠶᠢ ᠬᠦᠴᠦᠯᠡᠨ ᠨᠡᠮᠡᠭᠳᠡᠭᠦᠯᠵᠦ᠂ ᠭᠠᠳᠠᠭᠠᠳᠤ ᠠᠷᠠᠯᠵᠢᠶᠠᠨ  ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠳᠡᠪᠬᠢᠲᠡᠢ ᠬᠥᠭᠵᠢᠭᠡᠭᠰᠡᠨ ᠶᠤᠮ︾ ᠭᠡᠵᠦ ᠯᠢ ᠴᠦᠨ ᠶᠠᠩ ᠬᠡᠯᠡᠨ᠎ᠡ᠃ 2023 ᠣᠨ ᠳᠤ᠂ ᠤᠯᠠᠭᠠᠨᠴᠠᠪ ᠬᠤᠲᠠ ᠤᠯᠤᠰ ᠤᠨ ᠭᠠᠳᠠᠭᠠᠳᠤ ᠠᠷᠠᠯᠵᠢᠶᠠᠨ ᠤ ᠡᠳ᠋ᠰᠢᠭᠦᠯᠵᠦ ᠪᠤᠯᠪᠠᠰᠤᠷᠠᠭᠤᠯᠬᠤ ᠠᠷᠠᠯᠵᠢᠶᠠᠨ ᠤ ᠱᠠᠲᠤᠯᠵᠢᠨ ᠮᠠᠶ᠋ᠢᠭ ᠢᠶᠠᠷ ᠰᠢᠯᠵᠢᠯᠲᠡ ᠶᠢ ᠵᠣᠯᠭᠠᠭᠤᠯᠬᠤ ᠭᠤᠣᠯᠳᠠᠯᠭ᠎ᠠ ᠲᠠᠢ ᠭᠠᠵᠠᠷ ᠢᠶᠠᠷ ᠵᠥᠪᠰᠢᠶᠡᠷᠡᠭᠳᠡᠵᠦ᠂ ᠷᠠᠰᠢᠶᠠᠨ ᠪᠠ ᠠᠷᠤᠬᠠᠰᠢᠶᠠᠲᠤ ᠳᠠᠬᠢ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶ᠎ᠠ ᠮᠠᠶᠢᠮᠠᠢ ᠬᠢᠬᠦ ᠠᠷᠠᠯᠵᠢᠶᠠᠨ ᠤ ᠭᠠᠵᠠᠷ ᠤᠨ ᠪᠦᠲᠦᠭᠡᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠤᠯᠵᠠᠢ; ᠡᠷᠢᠶᠡᠨ ᠬᠤᠲᠠ ᠳᠠᠬᠢ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶ᠎ᠠ ᠮᠠᠶᠢᠮᠠᠢ ᠬᠢᠬᠦ ᠭᠠᠳᠠᠭᠠᠳᠤ ᠠᠴᠠ ᠣᠷᠣᠭᠤᠯᠤᠭᠰᠠᠨ  ᠲᠠᠸᠠᠷ ᠢ  ᠡᠳ᠋ᠰᠢᠭᠦᠯᠦᠨ ᠪᠤᠯᠪᠠᠰᠤᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠲᠦᠷᠦᠭᠦᠤ 11 ᠰᠠᠷ᠎ᠠ ᠳᠤ 3.1 ᠳ᠋ᠦᠩᠰᠢᠭᠤᠷ ᠲᠥᠭᠦᠷᠢᠭ ᠤᠨ ᠲᠠᠸᠠᠷ ᠢ ᠡᠳ᠋ᠰᠢᠭᠦᠯᠦᠨ ᠪᠣᠯᠪᠠᠰᠤᠷᠠᠭᠤᠯᠤᠭᠰᠠᠨ ᠪᠠᠶᠢᠨ᠎ᠠ; ᠲᠦᠷᠦᠭᠦᠤ 11 ᠰᠠᠷ᠎ᠠ ᠳᠤ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶᠠᠨ ᠤ ᠬᠡᠮᠵᠢᠶ᠎ᠡ 4.37 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠪᠦᠭᠦ ᠵᠢᠯ ᠤᠨ ᠬᠢ  ᠠᠴᠠ 91.7% ᠪᠠᠷ ᠨᠡᠮᠡᠭᠳᠡᠪᠡ᠃      ᠵᠠᠬ᠎ᠠ ᠳᠡᠯᠭᠡᠭᠦᠷ ᠬᠢᠭᠡᠳ ᠠᠷᠠᠯᠵᠢᠶ᠎ᠠ ᠬᠤᠳᠠᠯᠳᠤᠭ᠎ᠠ ᠨᠢ ᠵᠢᠭᠠᠰᠤ ᠤᠰᠤᠨ ᠤ ᠬᠠᠷᠢᠴᠠᠭ᠎ᠠ ᠲᠠᠢ ᠪᠠᠶᠢᠵᠤ᠂ ᠥᠷᠭᠡᠨ ᠠᠭᠤᠳᠠᠮ ᠵᠠᠬ᠎ᠠ ᠳᠡᠯᠭᠡᠭᠦᠷ ᠲᠠᠢ ᠪᠣᠯ ᠰᠠᠶ᠋ᠢ ᠨᠡᠩ ᠤᠯᠠᠨ ᠠᠷᠠᠯᠵᠢᠶ᠎ᠠ ᠪᠦᠲᠦᠬᠦ ᠪᠣᠯᠣᠮᠵᠢ ᠲᠠᠢ ᠶᠤᠮ᠃︽ᠪᠢᠳᠡ ᠳᠡᠯᠡᠬᠡᠢ ᠶᠢᠨ ᠵᠠᠬ᠎ᠠ ᠳᠡᠯᠭᠡᠭᠦᠷ ᠢ ᠬᠦᠴᠦᠯᠡᠨ ᠥᠷᠭᠡᠳᠬᠡᠵᠦ᠂ ᠠᠵᠤ ᠠᠬᠤᠶᠢᠯᠠᠯ ᠢ ᠬᠠᠪᠰᠤᠷᠤᠨ ᠠᠷᠠᠯᠵᠢᠶᠠᠨ  ᠤ ᠵᠠᠬᠢᠶᠠᠯᠠᠭ᠎ᠠ ᠬᠠᠶᠢᠬᠤ ᠲᠠᠯ᠎ᠠ ᠪᠠᠷ ᠰᠢᠨ᠎ᠡ ᠠᠮᠵᠢᠯᠲᠠ ᠣᠯᠪᠠ︾ ᠭᠡᠵᠦ ᠯᠢ ᠴᠦᠨ ᠶᠠᠩ ᠶᠠᠷᠢᠨ᠎ᠠ᠃ 2023 ᠣᠨ  ᠳᠤ ᠮᠠᠨ ᠤ ᠣᠷᠣᠨ ᠨᠡᠶᠢᠳᠡ 693 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠰᠠᠦ᠋ᠳ᠋ ᠤᠨ ᠠᠷᠠᠪ᠂ ᠮᠣᠩᠭᠤᠯ᠂ ᠤᠷᠤᠰ ᠵᠡᠷᠭᠡ 20 ᠤᠯᠤᠰ ᠪᠠ ᠭᠠᠵᠠᠷ ᠣᠷᠣᠨ ᠳᠤ ︽ᠥᠪᠥᠷ ᠮᠣᠩᠭᠤᠯ ᠤᠨ ᠠᠷᠠᠯᠵᠢᠶᠠᠴᠢᠳ ᠤᠨ ᠲᠣᠷᠭᠠᠨ ᠵᠠᠮ ᠳᠠᠬᠢ ᠠᠶᠠᠯᠠᠯ︾ ᠤᠨ ᠭᠠᠳᠠᠭᠠᠳᠤ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢ 36 ᠲᠠᠯᠠᠪᠤᠷ ᠥᠷᠨᠢᠭᠦᠯᠵᠦ᠂ ᠠᠷᠠᠯᠵᠢᠶ᠎ᠠ ᠬᠤᠳᠠᠯᠳᠤᠭ᠎ᠠ ᠪᠠ ᠪᠡᠯᠡ ᠣᠷᠣᠭᠤᠯᠤᠯᠲᠠ  ᠶᠢᠨ ᠬᠠᠮᠲᠤᠷᠠᠯᠴᠠᠭᠠᠨ ᠤ ᠭᠡᠷ᠎ᠡ ᠲᠣᠬᠢᠷᠠᠯᠴᠠᠭᠰᠠᠨ ᠶᠡᠷᠦᠩᠬᠡᠢ ᠬᠡᠮᠵᠢᠶ᠎ᠡ 332 ᠳ᠋ᠦᠩᠰᠢᠭᠤᠷ ᠲᠥᠭᠦᠷᠢᠭ ᠢ ᠳᠠᠪᠠᠭᠰᠠᠨ ᠪᠢᠯᠡ᠃ ᠯᠢ ᠴᠦᠨ ᠶᠠᠩ ᠤᠨ ᠬᠡᠯᠡᠬᠦ ᠪᠠᠷ᠂ ᠮᠠᠨ ᠤ ᠣᠷᠣᠨ ᠤᠯᠤᠰ ᠤᠨ ᠳᠣᠲᠣᠭᠠᠳᠤ ᠶᠢᠨ ᠭᠠᠳᠠᠭᠠᠳᠤ  ᠲᠠᠢ ᠬᠤᠯᠪᠣᠭᠳᠠᠭᠰᠠᠨ ᠳᠡᠭᠡᠳᠦ ᠴᠢᠳᠠᠪᠬᠢᠲᠤ ᠬᠤᠷᠠᠯ ᠦᠵᠡᠰᠭᠦᠯᠡᠩ ᠳᠤ ᠥᠷᠭᠡᠨ ᠳᠡᠯᠭᠡᠷ ᠣᠷᠤᠯᠴᠠᠬᠤ ᠶᠢᠨ ᠬᠠᠮᠲᠤ ᠨᠡᠭᠡᠭᠡᠯᠲᠡᠲᠤ ᠬᠤᠷᠠᠯ ᠦᠵᠡᠰᠭᠦᠯᠡᠩ ᠤᠨ ᠲᠠᠪᠴᠠᠩ ᠢ ᠢᠳᠡᠪᠬᠢᠲᠡᠢ ᠪᠠᠶᠢᠭᠤᠯᠤᠨ ᠬᠥᠭᠵᠢᠭᠦᠯᠵᠦ᠂ ᠨᠠᠩ ᠣᠯᠠᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠴᠡᠢ᠃ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠪᠣᠯ ᠡᠭᠦᠨ ᠤ ᠳᠣᠲᠣᠷᠠᠬᠢ ᠴᠢᠬᠤᠯᠠ ᠨᠢᠭᠡᠨ ᠨᠡᠭᠡᠭᠡᠯᠲᠡᠲᠤ ᠲᠠᠪᠴᠠᠩ ᠪᠣᠯᠣᠨ᠎ᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ 2023 ᠣᠨ ᠤ 9 ᠰᠠᠷ᠎ᠠ ᠳᠤ ᠬᠥᠬᠡᠬᠤᠲᠠᠨ᠎ᠠ ᠶᠠᠪᠤᠭᠳᠠᠵᠤ᠂ ᠬᠤᠯᠪᠣᠭᠳᠠᠯ ᠪᠦᠬᠦᠢ ᠤᠯᠤᠰ᠂ ᠭᠠᠵᠠᠷ ᠣᠷᠣᠨ᠂ ᠮᠤᠵᠢ ᠣᠷᠣᠨ ᠬᠤᠲᠠ ᠵᠢᠴᠢ ᠮᠠᠨ ᠤ ᠣᠷᠣᠨ ᠤ ᠡᠯ᠎ᠡ ᠠᠶᠢᠮᠠᠭ ᠬᠤᠲᠠ ᠨᠢ 20 ᠭᠠᠷᠤᠢ ᠲᠠᠯᠠᠪᠤᠷ ᠠᠵᠤ ᠠᠬᠤᠢ ᠠᠷᠠᠯᠵᠢᠶᠠᠨ ᠤ ᠠᠵᠢᠯᠯᠠᠭ᠎ᠠ ᠡᠷᠭᠢᠯᠡᠵᠦ᠂ ᠭᠡᠷ᠎ᠡ ᠲᠣᠬᠢᠷᠠᠯᠴᠠᠭᠰᠠᠨ ᠲᠥᠷᠥᠯ ᠵᠦᠢᠯ 200 ᠶᠢ ᠳᠠᠪᠠᠵᠤ ᠭᠡᠷ᠎ᠡ ᠲᠣᠬᠢᠷᠠᠯᠴᠠᠭᠰᠠᠨ ᠵᠣᠭᠤᠰ ᠤᠨ ᠬᠡᠮᠵᠢᠶ᠎ᠡ 3853 ᠳ᠋ᠦᠩᠰᠢᠭᠤᠷ ᠲᠥᠭᠦᠷᠢᠭ ᠢ ᠳᠠᠪᠠᠪᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠠᠴᠠ ᠪᠠᠰᠠ 457 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠲᠤᠮᠳᠠᠳᠤ ᠤᠯᠤᠰ ᠤᠨ ᠤᠯᠠᠨ ᠤᠯᠤᠰ ᠤᠨ ᠬᠡᠷᠡᠭᠯᠡᠭᠡᠨ ᠤ ᠵᠦᠢᠯᠡᠰ ᠤᠨ ᠦᠵᠡᠰᠭᠦᠯᠡᠩ᠂ ᠲᠤᠮᠳᠠᠳᠤ ᠤᠯᠤᠰ ᠤᠨ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠡᠳ᠋ ᠪᠠᠷᠠᠭ᠎ᠠ ᠶᠢᠨ ᠰᠣᠯᠢᠯᠴᠠᠭᠠᠨ ᠤ ᠴᠤᠭᠯᠠᠭᠠᠨ ᠵᠡᠷᠭᠡ ᠤᠯᠤᠰ ᠤᠨ ᠳᠣᠲᠣᠭᠠᠳᠤ ᠶᠢᠨ ᠭᠠᠳᠠᠭᠠᠳᠤ ᠳᠤ ᠬᠤᠯᠪᠣᠭᠳᠠᠭᠰᠠᠨ ᠭᠤᠣᠯᠳᠠᠯᠭ᠎ᠠ ᠲᠠᠢ ᠬᠤᠷᠠᠯ ᠦᠵᠡᠰᠭᠦᠯᠡᠩ ᠳᠤ ᠣᠷᠣᠯᠴᠠᠭᠤᠯᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠰᠣᠯᠢᠯᠴᠠᠭ᠎ᠠ ᠶᠢᠨ ᠲᠠᠯ᠎ᠠ ᠪᠠᠷ  ᠡᠯᠪᠡᠭ  ᠪᠠᠶᠠᠯᠢᠭ  ᠦᠷ᠎ᠡ  ᠪᠦᠲᠦᠭᠡᠯ  ᠣᠯᠣᠭᠰᠠᠨ ᠶᠤᠮ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号