ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ︽2023 | ᠣᠨ ᠤ ᠡᠷᠭᠢᠴᠡᠭᠦᠯᠦᠯ︾ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠣᠯᠣᠳᠤᠭᠠᠷ ᠲᠠᠯᠠᠪᠠᠢ | - ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠰᠬᠠᠢ ᠲᠠᠯᠠᠪᠠᠢ ᠰᠣᠨᠢᠨ | ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ ᠤᠯᠤᠰ ᠤᠨ | ᠳᠣᠲᠣᠭᠠᠳᠤ ᠶᠢᠨ ᠪᠣᠳᠠᠲᠠᠢ ᠨᠠᠶᠢᠳᠠᠪᠤᠷᠢᠵᠢᠭᠤᠯᠤᠭᠰᠠᠨ ᠪᠡᠯᠡ ᠮᠥᠩᠭᠦ ᠶᠢ ᠵᠢᠱᠢᠯᠲᠡ ᠪᠠᠷ 4500 ᠳ᠋ᠦᠩᠰᠢᠭᠤᠷ | ᠲᠥᠭᠦᠷᠢᠭ ᠣᠷᠣᠭᠤᠯᠤᠨ ᠠᠪᠴᠢᠷᠠᠵᠠᠢ᠃ | ᠨᠢᠳᠤᠨᠤᠨ ᠤ ᠵᠢᠯ ᠤᠨ ᠡᠬᠢᠨ ᠳᠤ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ | ︵2023 - 2025 ᠣᠨ︶︾︽ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠱᠠᠩᠨᠠᠬᠤ ᠠᠷᠭ᠎ᠠ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠬᠤ ᠣᠨ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠳᠤ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠬᠠᠩᠭᠠᠪᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠲᠠᠨᠢᠯᠴᠠᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠠᠢ᠃ ᠤᠯᠤᠰ ᠤᠨ ᠤᠮᠠᠷᠠᠰᠢ | ᠨᠡᠭᠡᠭᠡᠯᠲᠡ ᠬᠢᠬᠦ ᠠᠵᠤ ᠠᠬᠤᠢ ᠠᠷᠠᠯᠵᠢᠶ᠎ᠠ ᠶᠢᠨ ᠵᠥᠪᠳᠡᠯᠴᠡᠭᠡᠷ ᠤᠨ ᠬᠤᠷᠠᠯ ᠢ ᠡᠷᠭᠢᠯᠡᠵᠦ᠂ ᠳᠡᠯᠡᠬᠡᠢ ᠶᠢᠨ ᠰᠢᠨ᠎ᠡ | ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠳᠡᠯᠡᠬᠡᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ | ᠬᠤᠷᠠᠯ ᠵᠡᠷᠭᠡ ᠴᠢᠬᠤᠯᠠ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠣᠷᠣᠯᠴᠠᠵᠠᠢ᠃ ᠥᠪᠥᠷ ᠮᠣᠩᠭᠤᠯ ᠤᠨ | ᠪᠡᠭᠡᠵᠢᠩ ᠤᠨ ᠬᠤᠳᠠᠯᠳᠤᠭᠠᠴᠢᠳ ᠤᠨ ᠡᠪᠯᠡᠯ᠂ ᠱᠠᠩᠬᠠᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ | ᠵᠡᠷᠭᠡ 33 ᠬᠤᠳᠠᠯᠳᠤᠭᠠᠴᠢᠳ ᠤᠨ ᠡᠪᠯᠡᠯ ᠢ ᠥᠪᠡᠷᠲᠡᠭᠡᠨ ᠵᠠᠰᠠᠬᠤ ᠣᠷᠣᠨ ᠤ ︽ᠠᠷᠠᠯᠵᠢᠶᠠᠴᠢᠨ ᠤᠷᠢᠬᠤ ᠡᠯᠴᠢᠨ︾ | ᠢᠶᠠᠷ ᠤᠷᠢᠪᠠ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ | ᠣᠨᠣᠴᠠᠲᠠᠢ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠠ ᠦᠭᠡᠢ | ᠤᠷᠲᠤᠳᠬᠠᠨ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠶᠢ ᠪᠤᠢ ᠪᠣᠯᠭᠠᠵᠠᠢ᠃ 1 | - 11 ᠰᠠᠷ᠎ᠠ ᠳᠤ᠂ ᠪᠦᠭᠦ ᠣᠷᠣᠨ ᠤ ᠤᠯᠤᠰ ᠤᠨ ᠳᠣᠲᠣᠭᠠᠳᠤ ᠶᠢᠨ ᠪᠣᠳᠠᠲᠠᠢ ᠨᠠᠶᠢᠳᠠᠪᠤᠷᠢᠵᠢᠭᠤᠯᠤᠭᠰᠠᠨ ᠪᠡᠯᠡ | ᠮᠥᠩᠭᠦ ᠶᠢ 4296.1 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 33.7% ᠪᠠᠷ ᠨᠡᠮᠡᠭᠳᠡᠨ᠂ ᠪᠦᠭᠦ ᠵᠢᠯ ᠤᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠡᠢ᠃ | ᠵᠢᠱᠢᠯᠲᠡ ᠪᠠᠷ ᠪᠦᠭᠦ ᠵᠢᠯ ᠳᠤ ᠤᠯᠤᠰ ᠤᠨ ᠳᠣᠲᠣᠭᠠᠳᠤ ᠶᠢᠨ ᠪᠣᠳᠠᠲᠠᠢ ᠨᠠᠶᠢᠳᠠᠪᠤᠷᠢᠵᠢᠭᠤᠯᠤᠭᠰᠠᠨ ᠪᠡᠯᠡ ᠮᠥᠩᠭᠦ ᠶᠢ | 4500 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 32% ᠢᠶᠠᠷ ᠨᠡᠮᠡᠭᠳᠡᠨ᠂ ᠤᠯᠤᠰ ᠤᠨ ᠳᠣᠲᠣᠭᠠᠳᠤ ᠶᠢᠨ ᠪᠣᠳᠠᠲᠠᠢ ᠨᠠᠶᠢᠳᠠᠪᠤᠷᠢᠵᠢᠭᠤᠯᠤᠭᠰᠠᠨ ᠪᠡᠯᠡ ᠮᠥᠩᠭᠦ ᠶᠢᠨ | ᠮᠢᠩᠭᠠᠨ ᠳ᠋ᠦᠩᠰᠢᠭᠤᠷ ᠲᠥᠭᠦᠷᠢᠭ ᠤᠨ ᠨᠡᠮᠡᠭᠳᠡᠯ ᠢ ᠪᠡᠶᠡᠯᠡᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠳᠤ ᠦᠵᠡᠭᠦᠯᠭᠦ ᠦᠢᠯᠡᠳᠦᠯ ᠢ ᠦᠷᠭᠦᠯᠵᠢᠯᠡᠨ ᠴᠢᠩᠭᠠᠳᠬᠠᠵᠠᠢ᠃ | |