ᠠᠷᠪᠠᠨ ᠰᠠᠯᠠᠭ᠎ᠠ ᠮᠥᠴᠢᠷ ᠬᠠᠮᠲᠤᠷᠠᠨ ᠬᠡᠦᠬᠡᠳ ᠤᠨ ᠡᠮ ᠡᠮᠨᠡᠯᠭᠡ ᠳᠤ ᠬᠤᠯᠪᠣᠭᠳᠠᠬᠤ ᠠᠰᠠᠭᠤᠳᠠᠯ ᠤᠨ ᠲᠤᠬᠠᠢ ᠰᠠᠨᠠᠯ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/1/15
     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠵᠡᠷᠭᠡ 10 ᠰᠠᠯᠠᠭ᠎ᠠ ᠮᠥᠴᠢᠷ ᠬᠠᠮᠲᠤᠷᠠᠨ ︽ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠤᠯᠭᠠᠵᠤ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠵᠠᠭᠪᠤᠷ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠡᠦᠬᠡᠳ ᠤᠨ ᠡᠮᠨᠡᠯᠭᠡ ᠶᠢᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠲᠦᠷᠭᠡᠳᠬᠡᠵᠦ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃      ᠰᠠᠨᠠᠯ ᠢ ᠦᠨᠳᠦᠰᠦᠯᠡᠪᠡᠯ᠂ ᠮᠠᠨ ᠤ ᠤᠯᠤᠰ ᠬᠡᠦᠬᠡᠳ ᠤᠨ ᠬᠦᠨᠳᠦ ᠶᠡᠭᠡ ᠡᠪᠡᠳᠴᠢᠨ ᠡᠮᠭᠡᠭ ᠢ ᠣᠨᠣᠰᠢᠯᠠᠨ ᠡᠮᠨᠡᠬᠦ ᠪᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠠ᠃ ᠬᠢᠲᠠᠳ ᠡᠮ ᠡᠮᠨᠡᠯᠭᠡ ᠶᠢᠨ ᠬᠡᠦᠬᠡᠳ ᠤᠨ ᠰᠠᠯᠠᠭᠠᠨ ᠤ ᠬᠦᠷᠢᠶᠡᠨ ᠳᠠᠬᠢ ᠬᠤᠰᠢᠭᠤᠴᠢ ᠮᠡᠷᠭᠡᠵᠢᠯ ᠤᠨ ᠬᠥᠭᠵᠢᠯᠲᠡ ᠪᠠ ᠬᠤᠪᠢᠷᠠᠭᠤᠯᠤᠯᠲᠠ ᠳᠠᠬᠢ ᠣᠨᠴᠠᠯᠢᠭᠲᠤ ᠳᠠᠪᠠᠭᠤᠯᠢᠭ ᠢ ᠪᠠᠳᠠᠷᠠᠭᠤᠯᠤᠨ᠎ᠠ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠠᠬᠢᠭᠤᠯᠤᠨ᠎ᠠ᠃ ᠡᠪᠡᠳᠴᠢᠨ ᠦᠵᠡᠭᠦᠯᠭᠦ ᠨᠥᠬᠦᠴᠡᠯ ᠢ ᠰᠠᠶᠢᠵᠢᠷᠠᠭᠤᠯᠵᠤ ᠳᠡᠭᠡᠭᠰᠢᠯᠡᠭᠦᠯᠦᠨ᠎ᠡ᠃ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠪᠠ ᠣᠶᠣᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠬᠡᠦᠬᠡᠳ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ᠃      ᠰᠠᠨᠠᠯ ᠳᠤ᠂ ᠥᠨᠳᠥᠷ ᠬᠢᠷᠢ ᠲᠦᠪᠰᠢᠨ ᠪᠦᠬᠦᠢ ᠬᠡᠦᠬᠡᠳ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ᠂ ᠤᠯᠤᠰ ᠤᠨ ᠬᠡᠦᠬᠡᠳ ᠤᠨ ᠠᠨᠠᠭᠠᠬᠤ ᠤᠬᠠᠭᠠᠨ ᠤ ᠲᠥᠪ ᠪᠠ ᠤᠯᠤᠰ ᠤᠨ ᠬᠡᠦᠬᠡᠳ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢᠶᠠᠷ ᠤᠳᠤᠷᠢᠳᠤᠮᠵᠢ ᠪᠤᠯᠭᠠᠬᠰᠠᠨ᠂ ᠮᠤᠵᠢ ᠬᠤᠲᠠ ᠰᠢᠶᠠᠨ ᠤ ᠱᠠᠲᠤᠨ ᠤ ᠬᠡᠦᠬᠡᠳ ᠤᠨ ᠡᠮᠨᠡᠯᠭᠡ ᠶᠢᠨ ᠬᠤᠷᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠡᠮᠨᠡᠯᠭᠡ᠂ ᠬᠢᠲᠠᠳ ᠡᠮᠨᠡᠯᠭᠡ ᠶᠢᠨ ᠬᠤᠷᠢᠶᠠᠨ ᠤ ᠬᠡᠦᠬᠡᠳ ᠤᠨ ᠡᠮᠨᠡᠯᠭᠡ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠪᠠᠷ ᠭᠤᠣᠯ ᠴᠣᠭᠴᠠ ᠪᠤᠯᠭᠠᠵᠦ᠂ ᠥᠨᠳᠥᠷ ᠬᠢᠷᠢ ᠲᠦᠪᠰᠢᠨ ᠪᠦᠬᠦᠢ ᠬᠡᠦᠬᠡᠳ ᠤᠨ ᠡᠮ ᠡᠮᠨᠡᠯᠭᠡ ᠶᠢᠨ ᠠᠯᠪᠠᠨ ᠠᠴᠠ ᠪᠠᠶᠢᠭᠤᠯᠤᠭᠰᠠᠨ ᠬᠤᠶᠠᠳᠤᠭᠠᠷ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠨᠤᠭᠤᠳ ᠬᠡᠦᠬᠡᠳ ᠤᠨ ᠰᠠᠯᠠᠭᠠᠨ ᠤ ᠡᠭᠦᠳᠡᠨ ᠡᠮᠨᠡᠯᠭᠡ ᠶᠢ ᠨᠡᠶᠢᠳᠡᠮ ᠨᠡᠭᠡᠭᠡᠵᠦ᠂ ᠭᠤᠷᠪᠠᠳᠤᠭᠠᠷ ᠳᠡᠰ ᠤᠨ ᠠᠯᠪᠠᠨ   ᠠᠴᠠ ᠪᠠᠶᠢᠭᠤᠯᠤᠭᠰᠠᠨ ᠬᠢᠲᠠᠳ ᠡᠮᠨᠡᠯᠭᠡ ᠶᠢᠨ ᠬᠤᠷᠢᠶ᠎ᠠ ᠨᠢ ᠬᠡᠦᠬᠡᠳ ᠤᠨ ᠡᠮᠨᠡᠯᠭᠡ ᠶᠢᠨ ᠡᠪᠡᠳᠴᠢᠲᠡᠨ ᠤ ᠦᠷᠦᠭᠡ ᠲᠣᠬᠢᠷᠠᠭᠤᠯᠬᠤ ᠬᠡᠷᠡᠭᠲᠡᠢ ᠭᠡᠵᠡᠢ᠃      ᠰᠠᠨᠠᠯ ᠳᠤ ᠳᠤᠷᠠᠳᠤᠭᠰᠠᠨ ᠢᠶᠠᠷ᠂ ᠡᠮᠨᠡᠯᠭᠡ ᠶᠢᠨ ᠬᠤᠯᠪᠣᠭᠠᠲᠤ ᠴᠣᠭᠴᠠ ᠳᠤ ᠲᠦᠰᠢᠭᠯᠡᠨ ᠬᠡᠦᠬᠡᠳ ᠤᠨ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠦᠬᠡᠳ ᠤᠨ ᠡᠮᠨᠡᠯᠭᠡ ᠶᠢᠨ ᠰᠠᠯᠠᠭᠠᠨ ᠤ ᠲᠤᠰᠬᠠᠢ ᠮᠡᠷᠭᠡᠵᠢᠯ ᠤᠨ ᠬᠤᠯᠪᠣᠭᠠᠨ ᠤ ᠪᠠᠶᠢᠭᠤᠯᠤᠯᠲᠠ ᠶᠢ ᠴᠢᠩᠭᠠᠳᠬᠠᠨ᠂ ᠡᠮᠨᠡᠯᠭᠡ ᠶᠢᠨ ᠬᠤᠷᠢᠶᠠᠨ ᠤ ᠠᠯᠤᠰ ᠡᠵᠡᠮᠰᠢᠯᠲᠦ ᠡᠮᠴᠢᠯᠡᠭᠡᠨ ᠤ ᠬᠠᠮᠵᠢᠯᠴᠠᠬᠤ ᠰᠦᠯᠵᠢᠶ᠎ᠡ ᠶᠢ ᠢᠳᠡᠪᠬᠢᠲᠡᠢ ᠬᠥᠭᠵᠢᠭᠦᠯᠵᠦ᠂ ᠬᠡᠦᠬᠡᠳ ᠤᠨ ᠰᠠᠯᠠᠭᠠᠨ ᠤ ᠠᠯᠤᠰ ᠡᠵᠡᠮᠰᠢᠯᠲᠦ ᠡᠮᠴᠢᠯᠡᠭᠡ᠂ ᠠᠯᠤᠰ ᠡᠵᠡᠮᠰᠢᠯᠲᠦ ᠵᠢᠭᠠᠨ ᠰᠤᠷᠭᠠᠯᠲᠠ ᠵᠢᠴᠢ ᠰᠦᠯᠵᠢᠶ᠎ᠡ ᠪᠠᠷ ᠣᠨᠣᠰᠢᠯᠠᠨ ᠡᠮᠨᠡᠬᠦ ᠶᠢ ᠥᠷᠨᠢᠭᠦᠯᠦᠨ᠎ᠡ᠃ ᠡᠭᠦᠨ ᠤ ᠬᠠᠮᠲᠤ᠂ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠡᠦᠬᠡᠳ ᠤᠨ ᠡᠷᠡᠭᠦᠯᠵᠢᠯ ᠤᠨ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠡᠢ᠃      ᠰᠠᠨᠠᠯ ᠳᠤ ᠱᠠᠭᠠᠷᠳᠠᠭᠰᠠᠨ ᠢᠶᠠᠷ᠂ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠬᠡᠦᠬᠡᠳ ᠤᠨ ᠰᠠᠯᠠᠭᠠᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠳᠡᠭ ᠡᠪᠡᠳᠴᠢᠨ ᠢ ᠵᠢᠷᠤᠮᠵᠢᠭᠤᠯᠤᠨ ᠡᠮᠨᠡᠬᠦ᠂ ᠬᠡᠦᠬᠡᠳ ᠤᠨ ᠰᠠᠯᠠᠭᠠᠨ ᠤ ᠬᠦᠴᠢᠷ ᠲᠦᠪᠡᠭᠲᠡᠢ ᠬᠦᠨᠳᠦ ᠡᠪᠡᠳᠴᠢᠨ ᠢ ᠡᠷᠲᠡ ᠢᠯᠭᠠᠨ ᠲᠠᠨᠢᠬᠤ ᠪᠠ ᠰᠢᠯᠵᠢᠭᠦᠯᠦᠨ ᠡᠮᠨᠡᠬᠦ᠂ ᠬᠡᠦᠬᠡᠳ ᠤᠨ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ᠂ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡ ᠵᠡᠷᠭᠡ ᠲᠠᠯ᠎ᠠ ᠪᠠᠷ ᠭᠤᠣᠯᠳᠠᠭᠤᠯᠵᠤ᠂ ᠬᠡᠦᠬᠡᠳ ᠤᠨ ᠰᠠᠯᠠᠭ᠎ᠠ᠂ ᠶᠡᠷᠦᠩᠬᠡᠢ ᠰᠠᠯᠠᠭ᠎ᠠ ᠵᠡᠷᠭᠡ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠡᠮᠴᠢ ᠰᠤᠪᠢᠯᠠᠭᠴᠢ ᠶᠢᠨ ᠪᠣᠯᠪᠠᠰᠤᠷᠠᠯ ᠢ ᠶᠡᠭᠡ ᠪᠠᠷ ᠥᠷᠨᠢᠭᠦᠯᠬᠦ ᠬᠡᠷᠡᠭᠲᠡᠢ ᠭᠡᠵᠡᠢ᠃      ᠰᠠᠨᠠᠯ ᠢ ᠦᠨᠳᠦᠰᠦᠯᠡᠪᠡᠯ᠂ 2025 ᠣᠨ ᠪᠤᠯᠬᠤ ᠳᠤ ᠬᠡᠦᠬᠡᠳ ᠤᠨ ᠰᠠᠯᠠᠭᠠᠨ ᠤ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠪᠠ ᠦᠢᠯᠡᠴᠢᠯᠡᠭᠡ ᠶᠢᠨ ᠲᠡᠩᠴᠡᠭᠦᠷᠢᠲᠦ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠮᠢᠩᠭᠠᠨ ᠬᠡᠦᠬᠡᠳ ᠨᠢᠭᠡᠪᠦᠷᠢ ᠳᠤ ᠨᠣᠭᠳᠠᠬᠤ ᠬᠡᠦᠬᠡᠳ ᠤᠨ ᠰᠠᠯᠠᠭᠠᠨ ᠤ ︵ᠲᠤᠰᠠᠯᠠᠭᠴᠢ︶ ᠡᠮᠴᠢ ᠶᠢᠨ ᠲᠤᠭ᠎ᠠ ᠶᠢ 0.87 ᠬᠥᠮᠥᠨ ᠳᠤ ᠬᠦᠷᠭᠡᠵᠦ᠂ ᠡᠪᠡᠳᠴᠢᠲᠡᠨ ᠤ ᠣᠷᠣ ᠶᠢᠨ ᠲᠤᠭ᠎ᠠ ᠶᠢ 2.50 ᠪᠣᠯᠭᠠᠨ᠎ᠠ᠃ 2035 ᠣᠨ ᠪᠤᠯᠬᠤ ᠳᠤ᠂ ᠬᠤᠲᠠ ᠬᠥᠳᠡᠭᠡ ᠶᠢᠨ ᠲᠡᠩᠴᠡᠭᠦᠷᠢᠲᠡᠢ᠂ ᠬᠠᠮᠵᠢᠯᠴᠠᠭᠰᠠᠨ ᠥᠨᠳᠥᠷ ᠪᠦᠲᠦᠮᠵᠢᠲᠡᠶ ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号