ᠰᠤᠷᠭᠠᠨ ᠬᠥᠮᠦᠵᠢᠯ ᠤᠨ ᠶᠠᠮᠤᠨ 2024 ᠣᠨ ᠤ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/1/15
     11 ᠤ ᠡᠳᠦᠷ ᠬᠤᠷᠠᠯᠳᠤᠭᠰᠠᠨ 2024 ᠣᠨ ᠤ ᠪᠦᠭᠦ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠡᠨᠡ ᠵᠢᠯ 7 ᠲᠠᠯ᠎ᠠ ᠪᠠᠷ ᠪᠦᠭᠦ ᠵᠢᠯ ᠤᠨ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠄  ᠮᠣᠷᠠᠯ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠰᠢᠨ᠎ᠡ ᠠᠮᠢ ᠠᠬᠤᠢ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠠᠭᠠᠭᠤᠯᠤᠭᠴᠢ ᠦᠢᠯᠡᠳᠦᠯ ᠢ ᠴᠢᠩᠭᠠᠷᠠᠭᠤᠯᠵᠤ᠂ ᠰᠠᠭᠤᠷᠢ ᠰᠤᠷᠭᠠᠨ ᠬᠥᠮᠦᠵᠢᠯ ᠤᠨ ᠰᠠᠭᠤᠷᠢ ᠴᠡᠭ ᠢ ᠴᠢᠨᠠᠭᠰᠢᠳᠠ ᠪᠠᠬᠢᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠠ ᠲᠠᠲᠠᠬᠤ ᠬᠦᠴᠦᠨ ᠢ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠲᠣᠭᠠᠴᠢᠯᠠᠭᠰᠠᠨ ᠰᠢᠨ᠎ᠡ ᠤᠷᠤᠯᠳᠤᠭᠠᠨ ᠤ ᠵᠠᠮ ᠢ ᠲᠠᠰᠤᠷᠠᠯᠲᠠ ᠦᠭᠡᠢ ᠨᠡᠭᠡᠭᠡᠵᠦ᠂ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠡᠷᠡᠰ ᠠᠬᠢᠭᠤᠯᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      ᠮᠣᠷᠠᠯ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠰᠢᠨ᠎ᠡ ᠠᠮᠢ ᠠᠬᠤᠢ ᠰᠢᠨ᠎ᠡ ᠪᠠᠶᠢᠷᠢᠰᠢᠯ ᠳᠤ ᠴᠢᠭᠯᠡᠭᠦᠯᠦᠨ᠂ ᠬᠤᠷᠠᠯ ᠠᠴᠠ ᠮᠣᠷᠠᠯ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠪᠡᠶ᠎ᠡ ᠰᠡᠳᠬᠢᠯ ᠤᠨ ᠡᠷᠡᠭᠦᠯ ᠮᠡᠨᠳᠦ ᠪᠠᠷ ᠰᠢᠪᠲᠤᠯᠤᠯᠲᠠ ᠶᠢᠨ ᠴᠡᠭ ᠪᠤᠯᠭᠠᠵᠤ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ ᠭᠡᠵᠦ ᠳᠤᠷᠠᠳᠪᠠ᠃      ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠬᠤᠷᠠᠯ ᠠᠴᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠰᠤᠳᠤᠯᠭᠠᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠬᠤ ᠭᠡᠷᠡᠭᠲᠡᠢ᠃ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠮᠡᠷᠭᠡᠵᠢᠯ ᠤᠨ ᠰᠢᠯᠵᠢᠯᠲᠡ ᠪᠠᠷ ᠬᠤᠯᠪᠣᠭᠠᠰᠤ ᠪᠣᠯᠭᠠᠨ ︽ᠳᠥᠷᠪᠡᠨ ᠬᠡᠯᠬᠢᠶ᠎ᠡ︾ ᠶᠢᠨ ᠠᠭᠤᠰᠤᠯᠴᠠᠯ ᠢ ᠠᠬᠢᠭᠤᠯᠬᠤ ᠬᠡᠷᠡᠭᠲᠡᠢ᠃ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤ ᠦᠢᠯᠡᠴᠢᠯᠡᠵᠦ᠂ ᠶᠡᠭᠡ ᠳᠡᠭᠡᠳᠦ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠰᠠᠭᠤᠷᠢ ᠰᠤᠷᠭᠠᠨ ᠬᠥᠮᠦᠵᠢᠯ ᠤᠨ ᠲᠠᠯ᠎ᠠ ᠪᠠᠷ᠂ ᠬᠤᠷᠠᠯ ᠠᠴᠠ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠴᠢᠭᠯᠡᠭᠦᠯᠦᠨ ᠤᠷᠢᠳᠠᠴᠢ ᠴᠢᠨᠠᠷᠲᠠᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠥᠷᠭᠡᠳᠬᠡᠬᠦ ᠢᠨᠵᠧᠨᠧᠷᠢᠩ ᠢ ᠭᠦᠨᠵᠡᠭᠡᠶᠢᠷᠡᠭᠦᠯᠵᠦ᠂ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠪᠠᠷ ᠪᠠᠶᠢᠷᠢᠯᠠᠭᠤᠯᠪᠠ᠃      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠬᠤᠷᠠᠯ ᠠᠴᠠ ᠠᠵᠤ ᠦᠢᠯᠡᠰ ᠯᠦᠭᠡ ᠤᠶᠠᠯᠳᠤᠭᠤᠯᠬᠤ᠂ ᠣᠷᠣᠨ ᠨᠤᠲᠤᠭ ᠪᠣᠯᠣᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠯᠤᠭ᠎ᠠ ᠤᠶᠠᠯᠳᠤᠭᠤᠯᠬᠤ᠂ ᠨᠡᠶᠢᠭᠡᠮ ᠤᠨ ᠣᠷᠣᠨ ᠪᠦᠰᠡ ᠶᠢᠨ ᠪᠦᠲᠦᠴᠡ ᠯᠦᠭᠡ ᠤᠶᠠᠯᠳᠤᠭᠤᠯᠬᠤ᠂ ᠬᠤᠪᠢ ᠬᠥᠮᠥᠨ ᠤ ᠨᠠᠰᠤᠨ ᠲᠤᠷᠰᠢᠲᠠ ᠶᠢᠨ ᠰᠤᠷᠤᠯᠴᠠᠯᠭ᠎ᠠ ᠯᠤᠭ᠎ᠠ ᠤᠶᠠᠯᠳᠤᠭᠤᠯᠬᠤ ᠶᠢ ᠪᠠᠷᠢᠮᠲᠠᠯᠠᠵᠤ᠂ ᠮᠤᠵᠢ ᠶᠢᠨ ᠬᠡᠪᠴᠢᠶᠡᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠬᠡᠪᠴᠢᠶᠡᠨ ᠤ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠤᠯᠪᠣᠭᠠᠲᠤ ᠴᠣᠭᠴᠠ᠂ ᠠᠵᠢᠯ ᠲᠥᠷᠥᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠯᠢ ᠲᠦᠷᠭᠡᠨ ᠢᠶᠠᠷ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠬᠥᠮᠥᠨ ᠢ ᠬᠥᠮᠥᠵᠢᠭᠦᠯᠬᠦ ᠪᠠᠷ ᠭᠤᠣᠯ ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠦᠨᠳᠦᠰᠦᠨ ᠴᠢᠬᠤᠯᠠ ᠠᠭᠤᠯᠭ᠎ᠠ ᠪᠤᠯᠭᠠᠵᠤ᠂ ᠰᠤᠷᠭᠠᠭᠤᠯᠢ ᠡᠷᠭᠢᠯᠡᠭᠦ ᠶᠠᠰᠤ ᠴᠢᠨᠠᠷ ᠤᠨ ᠥᠨᠳᠥᠷ  ᠲᠦᠪᠰᠢᠨ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠪᠠᠶᠢᠬᠤ ᠶᠢ ᠪᠡᠶᠡᠯᠡᠭᠦᠯᠦᠨ᠎ᠡ ᠭᠡᠵᠦ ᠳᠤᠷᠠᠳᠪᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 11 ᠤ  ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号