ᠣᠶᠢᠷ᠎ᠠ ᠳᠤ᠂ ᠠᠯᠠᠱᠠ ᠪᠠᠷᠠᠭᠤᠨ ᠬᠤᠰᠢᠭᠤᠨ ᠤ ᠠᠯᠳ᠋ᠬᠠᠤᠪᠤᠭ᠎ᠠ ᠪᠠᠯᠭᠠᠰᠤ ᠶᠢᠨ ᠪᠠᠶᠠᠨᠲᠤᠬᠤᠢ ᠭᠠᠴᠠᠭ᠎ᠠ ᠶᠢᠨ | ᠢᠩᠭᠡᠨ ᠰᠦ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠭᠦ ᠰᠠᠭᠤᠷᠢᠨ ᠳᠤ ᠬᠦᠷᠬᠦ ᠳᠤ᠂ ᠪᠠᠷᠢᠮᠵᠢᠶᠠᠵᠢᠭᠰᠠᠨ | ᠪᠣᠯᠣᠳ ᠪᠦᠲᠦᠴᠡᠲᠦ ᠬᠠᠰᠢᠶᠠᠨ ᠳᠤ ᠬᠡᠳᠦᠨ ᠵᠠᠭᠤᠨ ᠲᠠᠷᠭᠤ ᠰᠠᠶᠢᠲᠠᠢ ᠲᠡᠮᠡᠭᠡ ᠬᠠᠷᠠᠭᠳᠠᠨ᠎ᠠ᠃ ᠲᠤᠰ ᠰᠠᠭᠤᠷᠢᠨ ᠤ | ᠬᠠᠷᠢᠭᠤᠴᠠᠯᠭᠠᠲᠠᠨ ᠯᠥᠸᠧ ᠽᠦᠸᠧ ᠦ᠋ ᠠᠵᠢᠯᠴᠢᠳ ᠲᠠᠢ ᠪᠠᠨ ᠢᠩᠭᠡ ᠪᠠᠨ ᠰᠠᠭᠠᠵᠤ᠂ ᠤᠳᠠᠯ ᠦᠭᠡᠢ ᠣᠶᠢᠷ᠎ᠠ | ᠬᠠᠪᠢ ᠶᠢᠨ ᠢᠩᠭᠡᠨ ᠰᠦ ᠪᠤᠯᠪᠠᠰᠤᠷᠠᠭᠤᠯᠬᠤ ᠠᠵᠤ ᠠᠬᠤᠶᠢᠯᠠᠯ ᠳᠤ ᠰᠦ ᠪᠠᠨ ᠬᠤᠳᠠᠯᠳᠤᠵᠤ ᠥᠭᠬᠦ ᠪᠠᠷ | ᠪᠡᠯᠡᠳᠬᠡᠭᠡᠳ ᠶᠠᠭᠠᠷᠠᠵᠤ ᠪᠠᠶᠢᠯ᠎ᠠ᠃ | 2019 ᠣᠨ ᠳᠤ᠂ ᠵᠠᠰᠠᠭ ᠤᠨ ᠣᠷᠳᠣᠨ ᠤ ᠳᠡᠮᠵᠢᠯᠭᠡ ᠪᠠᠷ᠂ ᠯᠥᠸᠧ ᠽᠦᠸᠧ ᠦ᠋ ᠪᠦᠰᠡᠭᠦᠢ ᠲᠠᠢ ᠪᠠᠨ | 20000 ᠲᠡᠭᠰᠢ ᠳᠥᠷᠪᠡᠯᠵᠢᠨ ᠮᠸᠲᠷ ᠲᠠᠯᠠᠪᠠᠢ ᠪᠦᠬᠦᠢ ᠢᠩᠭᠡᠨ ᠰᠦ ᠶᠢᠨ ᠭᠠᠷᠤᠯᠲᠠ ᠶᠢᠨ ᠰᠠᠭᠤᠷᠢᠨ ᠢᠶᠠᠨ | ᠪᠠᠶᠢᠭᠤᠯᠤᠭᠰᠠᠨ ᠪᠥᠭᠡᠳ ᠲᠡᠮᠡᠭᠡ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠠᠭᠠᠵᠢᠮ ᠢᠶᠠᠷ ᠥᠷᠭᠡᠳᠬᠡᠵᠦ᠂ ᠬᠠᠮᠤᠭ | ᠠᠩᠬᠠᠨ ᠤ 120 ᠭᠠᠷᠤᠢ ᠲᠡᠮᠡᠭᠡ ᠪᠠᠨ ᠥᠰᠬᠡᠭᠡᠳ ᠤᠳᠤ ᠨᠢᠭᠡᠨᠲᠡ 300 ᠭᠠᠷᠤᠢ ᠲᠡᠮᠡᠭᠡ ᠲᠠᠢ ᠪᠣᠯᠵᠠᠢ᠃ | ᠲᠡᠮᠡᠭᠡ ᠲᠡᠵᠢᠭᠡᠬᠦ ᠪᠠᠷ ᠳᠠᠮᠵᠢᠨ᠂ ᠲᠡᠮᠡᠭᠡᠴᠢᠨ ᠠᠶᠢᠯ ᠤᠨ ᠠᠮᠢᠳᠤᠷᠠᠯ ᠤᠯᠠᠮ ᠠᠴᠠ ᠤᠯᠠᠮ ᠥᠭᠡᠳᠡᠯᠡᠯᠡ᠃ | ︽ᠣᠳᠣᠬᠠᠨ ᠳᠤ 200 ᠭᠠᠷᠤᠢ ᠰᠠᠭᠠᠯᠢ ᠶᠢᠨ ᠢᠩᠭᠡ ᠲᠠᠢ᠂ ᠡᠪᠦᠯ ᠳᠡᠭᠡᠨ 200 ᠭᠠᠷᠤᠢ ᠺᠢᠯᠦᠭᠷᠡᠮ ᠰᠦ | ᠰᠠᠭᠠᠵᠤ᠂ ᠵᠤᠨ ᠳᠠᠭᠠᠨ 300 ᠭᠠᠷᠤᠢ ᠺᠢᠯᠦᠭᠷᠡᠮ ᠰᠦ ᠰᠠᠭᠠᠵᠤ ᠠᠰᠢᠭ ᠤᠷᠤᠯᠭ᠎ᠠ ᠮᠠᠰᠢ ᠰᠠᠶᠢᠨ᠃ ᠢᠩᠭᠡᠨ ᠰᠦ | ᠪᠠᠨ ᠵᠢᠵᠢᠭᠯᠡᠨ ᠪᠣᠷᠣᠯᠠᠭᠤᠯᠬᠤ ᠠᠴᠠ ᠭᠠᠳᠠᠨ᠎ᠠ ᠪᠠᠰᠠ ᠢᠩᠭᠡᠨ ᠰᠦ ᠪᠤᠯᠪᠠᠰᠤᠷᠠᠭᠤᠯᠬᠤ ᠠᠵᠤ ᠠᠬᠤᠶᠢᠯᠠᠯ ᠲᠠᠢ | ᠤᠷᠲᠤ ᠬᠤᠭᠤᠴᠠᠭ᠎ᠠ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠤᠭᠰᠠᠨ ᠪᠣᠯᠬᠤᠷ ᠲᠡᠮᠡᠭᠡᠨ ᠤ ᠠᠵᠤ ᠦᠢᠯᠡᠰ | ᠪᠣᠯ ᠮᠠᠨ ᠤ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠰᠠᠶᠢᠨ ᠠᠵᠤ ᠦᠢᠯᠡᠰ ᠪᠣᠯᠤᠭᠰᠠᠨ | ᠶᠤᠮ︾ ᠭᠡᠵᠦ ᠯᠥᠸᠧ ᠽᠦᠸᠧ ᠦ᠋ ᠪᠠᠶᠠᠷᠲᠠᠶᠢᠬᠠᠨ ᠲᠠᠨᠢᠯᠴᠠᠭᠤᠯᠵᠠᠢ᠃ | ︽ᠳᠤᠮᠳᠠᠳᠤ ᠤᠯᠤᠰ ᠤᠨ ᠲᠡᠮᠡᠭᠡᠨ ᠤ ᠨᠤᠲᠤᠭ︾ ᠭᠡᠵᠦ ᠠᠯᠳᠠᠷᠰᠢᠭᠰᠠᠨ ᠠᠯᠠᠱᠠ ᠪᠣᠯ ᠮᠠᠨ ᠤ ᠤᠯᠤᠰ ᠤᠨ | ᠬᠤᠣᠰ ᠪᠥᠬᠦᠲᠦ ᠲᠡᠮᠡᠭᠡᠨ ᠤ ᠭᠤᠣᠯ ᠭᠠᠷᠤᠯᠲᠠ ᠶᠢᠨ ᠣᠷᠣᠨ ᠤ ᠨᠢᠭᠡ ᠪᠣᠯᠣᠨ᠎ᠠ᠃ ᠣᠶᠢᠷ᠎ᠠ ᠶᠢᠨ ᠵᠢᠯ ᠤᠨ ᠲᠤᠷᠰᠢ᠂ | ᠠᠯᠠᠱᠠ ᠠᠶᠢᠮᠠᠭ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠲᠡᠮᠡᠭᠡᠨ ᠤ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠮᠠᠯ ᠠᠵᠤ ᠠᠬᠤᠢ ᠶᠢᠨ ᠳᠠᠪᠠᠭᠤᠯᠢᠭ ᠨᠠᠷᠠᠲᠤ ᠲᠥᠷᠥᠯ ᠲᠡᠮᠳᠡᠭ ᠢ ᠪᠤᠶ | ᠪᠤᠯᠭᠠᠵᠤ᠂ ︽ᠮᠢᠬ᠎ᠠ᠂ ᠰᠦ᠂ ᠨᠣᠣᠯᠣᠭᠤᠷ᠂ ᠥᠭᠡᠬᠦ︾ ᠪᠠᠷ ᠭᠤᠣᠯᠯᠠᠭᠰᠠᠨ ᠪᠦᠷᠢᠨ ᠪᠦᠲᠦᠨ ᠠᠵᠤ ᠦᠢᠯᠡᠰ ᠤᠨ | ᠬᠡᠯᠬᠢᠶ᠎ᠡ ᠶᠢ ᠪᠤᠶ ᠪᠤᠯᠭᠠᠵᠤ᠂ ᠠᠯᠠᠱᠠ ᠶᠢᠨ ᠥᠪᠡᠷᠮᠢᠴᠡ ᠣᠨᠴᠠᠯᠢᠭ ᠲᠠᠢ ︽ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ | ᠠᠵᠤ ᠦᠢᠯᠡᠰᠵᠢᠭᠦᠯᠬᠦ᠂ ᠲᠥᠷᠥᠯ ᠲᠡᠮᠳᠡᠭᠵᠢᠭᠦᠯᠬᠦ︾ ᠰᠢᠨ᠎ᠡ ᠵᠠᠮ ᠢ ᠨᠡᠭᠡᠭᠡᠵᠦ᠂ ᠠᠮᠢ ᠠᠬᠤᠢ ᠶᠢᠨ ᠦᠷ᠎ᠡ ᠠᠰᠢᠭ᠂ | ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠣᠨ ᠠᠷᠠᠳ ᠢ ᠪᠠᠶᠠᠵᠢᠭᠤᠯᠬᠤ ᠦᠷ᠎ᠡ ᠠᠰᠢᠭ ᠢ | ᠠᠭᠤᠰᠤᠯᠴᠠᠭᠤᠯᠤᠨ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ᠂ ᠲᠡᠮᠡᠭᠡᠨ ᠤ ᠠᠵᠤ ᠦᠢᠯᠡᠰ ᠨᠢ ᠨᠢᠭᠡᠨᠲᠡ | ᠪᠦᠭᠦ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠨᠢᠭᠡᠨ ᠭᠤᠶᠢᠳᠠ ᠰᠠᠶᠢᠬᠠᠨ | ᠨᠡᠷ᠎ᠡ ᠶᠢᠨ ᠬᠠᠭᠤᠳᠠᠰᠤ ᠪᠣᠯᠵᠠᠢ᠃ ᠣᠳᠣᠬᠠᠨ ᠪᠤᠯᠲᠠᠯ᠎ᠠ᠂ ᠠᠯᠠᠱᠠ ᠠᠶᠢᠮᠠᠭ ᠤᠨ ᠬᠤᠣᠰ ᠪᠥᠬᠦᠲᠦ ᠲᠡᠮᠡᠭᠡᠨ ᠤ | ᠲᠤᠭ᠎ᠠ 14.76 ᠲᠦᠮᠡ ᠳᠤ ᠬᠦᠷᠴᠦ᠂ ᠬᠤᠣᠰ ᠪᠥᠬᠦᠲᠦ ᠲᠡᠮᠡᠭᠡ ᠶᠢᠨ ᠵᠢᠯ ᠤᠨ ᠭᠠᠷᠭᠠᠯᠲᠠ 2 ᠲᠦᠮᠡ ᠳᠤ | ᠬᠦᠷᠴᠦ᠂ ᠪᠦᠭᠦ ᠠᠶᠢᠮᠠᠭ ᠲᠤ 129 ᠲᠡᠮᠡᠭᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ 60 ᠢᠩᠭᠡᠨ ᠰᠦ ᠶᠢᠨ | ᠭᠠᠷᠤᠯᠲᠠ ᠶᠢᠨ ᠰᠠᠭᠤᠷᠢᠨ᠂ 2000 ᠭᠠᠷᠤᠢ ᠲᠡᠮᠡᠭᠡ ᠲᠡᠵᠢᠭᠡᠬᠦ ᠡᠷᠦᠭᠡ ᠪᠤᠢ᠂ ᠡᠭᠦᠨ ᠳᠤ ᠵᠠᠭᠤᠨ ᠲᠡᠮᠡᠭᠡ ᠠᠴᠠ | ᠳᠡᠭᠡᠭᠰᠢᠬᠢ ᠲᠡᠮᠡᠭᠡ ᠲᠡᠵᠢᠭᠡᠬᠦ ᠲᠣᠮᠣ ᠡᠷᠦᠭᠡ 1000 ᠭᠠᠷᠤᠢ ᠪᠤᠶ; ᠪᠦᠭᠦ ᠠᠶᠢᠮᠠᠭ ᠲᠤ ᠲᠡᠮᠡᠭᠡᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ 3 ᠪᠠᠶᠢᠵᠤ᠂ ᠲᠡᠮᠡᠭᠡᠨ ᠤ ᠠᠵᠤ ᠦᠢᠯᠡᠰ ᠤᠨ ᠬᠠᠮᠢᠶ᠎ᠠ ᠲᠠᠢ 22 | ᠵᠦᠢᠯ ᠤᠨ ᠪᠠᠷᠢᠮᠵᠢᠶ᠎ᠠ ᠶᠢ ᠲᠣᠭᠲᠠᠭᠠᠨ᠂ ᠢᠩᠭᠡᠨ ᠰᠦ᠂ ᠲᠡᠮᠡᠭᠡᠨ ᠮᠢᠬ᠎ᠠ᠂ ᠲᠡᠮᠡᠭᠡᠨ ᠨᠣᠣᠯᠣᠭᠤᠷ᠂ ᠲᠡᠮᠡᠭᠡᠨ ᠶᠠᠰᠤ | ᠵᠡᠷᠭᠡ ᠶᠢᠨ ᠲᠣᠭᠤᠷᠢᠨ ᠳᠤ 40 ᠭᠠᠷᠤᠢ ᠰᠢᠷᠢᠰ ᠦᠢᠯᠡᠳᠬᠦᠨ ᠢ ᠨᠡᠭᠡᠭᠡᠨ ᠬᠥᠭᠵᠢᠭᠦᠯᠵᠦ᠂ ᠲᠡᠮᠡᠭᠡᠨ ᠤ ᠠᠵᠤ | ᠦᠢᠯᠡᠰ ᠤᠨ ᠲᠠᠸᠠᠷ ᠤᠨ ᠲᠡᠮᠳᠡᠭ ᠢ 94 ᠳᠠᠩᠰᠠᠯᠠᠭᠤᠯᠵᠤ᠂ ᠥᠷᠨᠢᠭᠦᠨ ᠬᠥᠭᠵᠢᠭᠰᠡᠨ ᠲᠡᠮᠡᠭᠡᠨ ᠤ ᠠᠵᠤ ᠦᠢᠯᠡᠰ | ᠨᠢ ᠬᠡᠰᠡᠭ ᠮᠠᠯᠴᠢᠨ ᠲᠠᠷᠢᠶᠠᠴᠢᠨ ᠢ ᠪᠠᠶᠠᠵᠢᠯ ᠤᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃ | ᠠᠯᠠᠱᠠ ᠪᠠᠷᠠᠭᠤᠨ ᠬᠤᠰᠢᠭᠤ ᠨᠢ ᠠᠯᠠᠱᠠ ᠶᠢᠨ ᠬᠤᠣᠰ ᠪᠥᠬᠦᠲᠦ ᠲᠡᠮᠡᠭᠡᠨ ᠤ ᠭᠤᠣᠯ ᠭᠠᠷᠤᠯᠲᠠ ᠶᠢᠨ | ᠣᠷᠣᠨ ᠪᠣᠯᠤᠭᠰᠠᠨ ᠤ ᠬᠤᠪᠢ ᠳᠤ᠂ ᠬᠤᠣᠰ ᠪᠥᠬᠦᠲᠦ ᠲᠡᠮᠡᠭᠡᠨ ᠤ ᠲᠤᠭ᠎ᠠ 6.8 ᠲᠦᠮᠡ ᠳᠤ ᠬᠦᠷᠴᠡᠢ᠃ | ᠣᠶᠢᠷ᠎ᠠ ᠶᠢᠨ ᠵᠢᠯ ᠳᠤ᠂ ᠲᠣᠰ ᠬᠤᠰᠢᠭᠤ ᠬᠦᠴᠦᠨ ᠢᠶᠠᠨ ᠲᠥᠪᠯᠡᠷᠡᠭᠦᠯᠦᠨ ︽ᠲᠡᠮᠡᠭᠡᠨ ᠤ ᠠᠵᠤ ᠦᠢᠯᠡᠰ ᠤᠨ | ᠲᠥᠪᠯᠡᠷᠡᠭᠦᠯᠦᠨ ᠲᠠᠷᠬᠠᠭᠠᠬᠤ ᠴᠢᠬᠤᠯᠠ ᠲᠥᠪ︾ ᠢ ᠪᠠᠶᠢᠭᠤᠯᠬᠤ ᠪᠠᠷ ᠬᠠᠷᠠᠯᠲᠠ ᠪᠠᠨ ᠪᠤᠯᠭᠠᠵᠤ᠂ ᠲᠡᠮᠡᠭᠡᠨ ᠤ ᠠᠵᠤ | ᠦᠢᠯᠡᠰ ᠢ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠲᠥᠪᠯᠡᠷᠡᠩᠭᠦᠢ᠂ ᠠᠵᠤ ᠦᠢᠯᠡᠰ ᠢᠶᠠᠷ ᠠᠭᠤᠰᠤᠯᠴᠠᠭᠰᠠᠨ | ᠣᠨᠴᠠᠯᠢᠭᠲᠤ ᠠᠵᠤ ᠦᠢᠯᠡᠰ ᠤᠨ ᠪᠦᠯᠦᠭᠯᠡᠯ ᠪᠣᠯᠭᠠᠨ ᠪᠦᠲᠦᠭᠡᠨ ᠪᠠᠶᠢᠭᠤᠯᠵᠤ᠂ ᠣᠲᠣ ᠲᠡᠮᠡᠭᠡᠨ ᠤ ᠠᠵᠤ ᠦᠢᠯᠡᠰ | ᠨᠢ ᠨᠢᠭᠡᠨᠲᠡ ᠲᠣᠰ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠣᠨ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠲᠤᠯᠭᠠᠭᠤᠷᠢ ᠠᠵᠤ ᠦᠢᠯᠡᠰ ᠪᠣᠯᠪᠠ᠃ | ︽2023 ᠣᠨ ᠤ ᠡᠴᠦᠰ ᠪᠤᠯᠲᠠᠯ᠎ᠠ᠂ ᠪᠦᠭᠦ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠵᠢᠯ ᠤᠨ | ᠦᠢᠯᠡᠳᠬᠦᠨ ᠤ ᠥᠷᠲᠡᠭ ᠨᠢ 5.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠣᠷᠣᠯᠭ᠎ᠠ ᠨᠢ 100 | ᠲᠦᠮᠡᠨ ᠲᠥᠭᠦᠷᠢᠭ ᠠᠴᠠ ᠳᠡᠭᠡᠭᠰᠢᠬᠢ ᠲᠡᠮᠡᠭᠡ ᠲᠡᠵᠢᠭᠡᠬᠦ ᠲᠣᠮᠣ ᠡᠷᠦᠭᠡ᠂ ᠲᠡᠮᠡᠭᠡ ᠲᠡᠵᠢᠭᠡᠨ ᠦᠷᠡᠵᠢᠭᠦᠯᠬᠦ ᠲᠤᠰᠬᠠᠢ | ᠬᠤᠷᠰᠢᠶ᠎ᠠ 60 ᠭᠠᠷᠤᠢ ᠪᠣᠯᠵᠠᠢ︾ ᠭᠡᠵᠦ ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠶᠢᠨ ᠳᠠᠷᠤᠭ᠎ᠠ ᠸᠧᠢ ᠶᠢᠨ ᠬᠤᠩ ᠲᠠᠨᠢᠯᠴᠠᠭᠤᠯᠵᠤ ᠪᠠᠶᠢᠯ᠎ᠠ᠃ |