ᠮᠠᠨ ᠤ ᠣᠷᠣᠨ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠨᠥᠴᠢᠨ ᠬᠡᠦᠬᠡᠳ ᠢ ᠨᠠᠰᠤᠨ ᠳᠤ ᠭᠦᠷᠦᠭᠰᠡᠨ ᠤ ᠳᠠᠷᠠᠭ᠎ᠠ ᠲᠥᠪᠬᠢᠨᠡᠭᠦᠯᠬᠦ ᠠᠵᠢᠯ ᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2024/1/16
     ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠤᠪᠢᠯᠠᠯᠲᠠ ᠡᠷᠡᠭᠦᠯᠵᠢᠯ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠥᠨᠥᠴᠢᠨ ᠬᠡᠦᠬᠡᠳ ᠢ ᠲᠥᠪᠯᠡᠷᠡᠭᠦᠯᠦᠨ ᠥᠰᠬᠡᠵᠦ ᠨᠠᠰᠤᠨ ᠳᠤ ᠭᠦᠷᠦᠭᠰᠡᠨ ᠤ ᠳᠠᠷᠠᠭᠠᠬᠢ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠪᠠᠲᠤᠯᠠᠵᠤ᠂  ᠨᠡᠶᠢᠭᠡᠮ ᠳᠤ ᠨᠠᠩ ᠰᠠᠶᠢᠲᠤᠷ ᠠᠭᠤᠰᠤᠯᠴᠠᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 11 ᠰᠠᠯᠠᠭ᠎ᠠ ᠮᠥᠴᠢᠷ  ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠨᠥᠴᠢᠨ ᠬᠡᠦᠬᠡᠳ ᠢ ᠨᠠᠰᠤᠨ ᠳᠤ ᠭᠦᠷᠦᠭᠰᠡᠨ ᠤ ᠳᠠᠷᠠᠭ᠎ᠠ ᠲᠥᠪᠬᠢᠨᠡᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃      ︽ᠠᠷᠭ᠎ᠠ︾ ᠳᠤ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠥᠨᠥᠴᠢᠨ ᠬᠡᠦᠬᠡᠳ ᠢ ᠲᠥᠪᠯᠡᠷᠡᠭᠦᠯᠦᠨ ᠥᠰᠬᠡᠨ ᠪᠣᠶᠢᠵᠢᠭᠤᠯᠵᠤ᠂ ᠨᠠᠰᠤᠨ ᠳᠤ ᠭᠦᠷᠦᠭᠰᠡᠨ ᠤ ᠳᠠᠷᠠᠭ᠎ᠠ᠂ ᠬᠡᠷᠪᠡ ᠨᠡᠶᠢᠭᠡᠮ ᠤᠨ ᠠᠵᠢᠯ ᠠᠮᠢᠳᠤᠷᠠᠯ ᠳᠤ ᠠᠭᠤᠰᠤᠯᠴᠠᠬᠤ ᠴᠢᠳᠠᠪᠤᠷᠢ ᠲᠠᠢ ᠪᠠᠶᠢᠪᠠᠯ᠂ ᠨᠡᠶᠢᠭᠡᠮᠴᠢᠯᠡᠨ ᠲᠥᠪᠬᠢᠨᠡᠭᠦᠯᠦᠨ᠎ᠡ᠃ ᠣᠨᠴᠠ ᠬᠦᠴᠢᠷᠳᠡᠯᠲᠡᠢ ᠬᠥᠮᠥᠰ ᠤᠨ ᠦᠨᠡᠯᠡᠨ ᠲᠣᠭᠲᠠᠭᠠᠯᠲᠠ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠣᠨᠴᠠ ᠬᠦᠴᠢᠷᠳᠡᠯᠲᠡᠢ ᠬᠥᠮᠥᠰ ᠤᠨ ᠦᠨᠡᠯᠡᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠤ ᠣᠷᠣᠭᠤᠯᠤᠨ᠎ᠠ᠃  ᠦᠨᠡᠨ ᠬᠦ ᠲᠥᠪᠯᠡᠷᠡᠭᠦᠯᠦᠨ ᠠᠰᠠᠷᠠᠨ ᠲᠡᠵᠢᠭᠡᠯᠭᠡᠬᠦ ᠬᠦᠰᠡᠯ ᠲᠠᠢ ᠨᠥᠬᠦᠴᠡᠯ ᠳᠤ ᠨᠡᠶᠢᠴᠡᠭᠰᠡᠳ ᠢ  ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠲᠣᠬᠢᠷᠠᠭᠤᠯᠤᠨ᠎ᠠ ᠭᠡᠵᠦ ᠲᠣᠭᠲᠠᠭᠠᠵᠠᠢ᠃      ︽ᠠᠷᠭ᠎ᠠ︾ ᠳᠤ᠂ ᠠᠶᠢᠮᠠᠭ ᠬᠤᠲᠠ᠂ ᠬᠤᠰᠢᠭᠤ ᠰᠢᠶᠠᠨ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠣᠨ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ  ᠲᠥᠪᠬᠢᠨᠡᠭᠦᠯᠦᠭᠰᠡᠨ ᠨᠠᠰᠤᠨ ᠳᠤ ᠭᠦᠷᠦᠭᠰᠡᠨ ᠥᠨᠥᠴᠢᠨ ᠬᠡᠦᠬᠡᠳ ᠲᠤ ᠨᠢᠭᠡ ᠤᠳᠠᠭ᠎ᠠ ᠶᠢᠨ ᠴᠢᠨᠠᠷᠲᠠᠢ ᠨᠡᠶᠢᠭᠡᠮᠴᠢᠯᠡᠭᠰᠡᠨ ᠲᠥᠪᠬᠢᠨᠡᠭᠦᠯᠬᠦ ᠨᠥᠬᠦᠪᠦᠷᠢ ᠣᠯᠭᠤᠨ᠎ᠠ᠃ ᠪᠣᠳᠠᠲᠠᠢ ᠪᠠᠷᠢᠮᠵᠢᠶ᠎ᠠ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠰᠤᠳᠤᠯᠤᠨ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ  ᠲᠣᠬᠢᠷᠠᠭᠤᠯᠤᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠠᠴᠠ ᠬᠥᠮᠥᠨ ᠪᠦᠷᠢ ᠳᠤ 5 ᠲᠦᠮᠡᠨ ᠲᠥᠭᠦᠷᠢᠭ ᠤᠨ ᠪᠠᠷᠢᠮᠵᠢᠶ᠎ᠠ ᠶᠣᠰᠣᠭᠠᠷ ᠲᠤᠰᠠᠯᠠᠮᠵᠢ ᠣᠯᠭᠤᠨ᠎ᠠ ᠭᠡᠵᠡᠢ᠃      ︽ᠠᠷᠭ᠎ᠠ︾ ᠳᠤ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠭᠡᠮᠴᠢᠯᠡᠭᠰᠡᠨ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠨᠠᠰᠤᠨ ᠳᠤ ᠭᠦᠷᠦᠭᠰᠡᠨ ᠥᠨᠥᠴᠢᠨ ᠬᠡᠦᠬᠡᠳ ᠲᠤ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂  ᠵᠡᠮᠳᠡᠭᠴᠦᠳ ᠤᠨ ᠬᠤᠯᠪᠤᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠪᠠ ᠵᠣᠬᠢᠶᠠᠨ ᠪᠠᠶᠢᠭᠤᠯᠤᠯᠲᠠ᠂ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠠᠵᠢᠯ ᠣᠯᠭᠤᠯᠲᠠ᠂ ᠣᠷᠣᠨ ᠰᠠᠭᠤᠴᠠ᠂ ᠡᠷᠦᠭᠡ ᠠᠮᠠ ᠣᠷᠣᠭᠤᠯᠬᠤ᠂ ᠨᠡᠶᠢᠭᠡᠮ ᠤᠨ ᠳᠠᠭᠠᠳᠬᠠᠯ ᠵᠢᠴᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠡᠷᠬᠡ ᠠᠰᠢᠭ ᠢ ᠪᠠᠲᠤᠯᠠᠬᠤ ᠵᠡᠷᠭᠡ ᠲᠠᠯ᠎ᠠ ᠪᠠᠷ ᠨᠡᠶᠢᠭᠡᠮᠴᠢᠯᠡᠭᠰᠡᠨ ᠲᠥᠪᠬᠢᠨᠡᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠵᠦ᠂ ᠲᠡᠳᠡᠨ ᠢ ᠬᠠᠪᠰᠤᠷᠤᠨ ᠤᠷᠤᠭᠰᠢᠲᠠᠢ ᠪᠠᠷ ᠨᠡᠶᠢᠭᠡᠮ ᠳᠤ ᠣᠷᠣᠭᠤᠯᠵᠤ᠂ ᠨᠡᠶᠢᠭᠡᠮ ᠳᠤ ᠠᠭᠤᠰᠤᠯᠴᠠᠭᠤᠯᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号