︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠬᠥᠬᠡᠬᠤᠲᠠ ︵ᠵᠢᠶᠠᠩᠰᠤ︶ ᠶᠢᠨ ᠶᠢᠨ | ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠠᠨᠢᠯᠴᠠᠭᠤᠯᠭ᠎ᠠ ᠶᠢᠨ ᠬᠤᠷᠠᠯ ᠰᠦᠵᠧᠦ ᠳᠤ ᠶᠠᠪᠤᠭᠳᠠᠪᠠ᠃ ᠲᠠᠨᠢᠯᠴᠠᠭᠤᠯᠬᠤ ᠬᠤᠷᠠᠯ ᠢ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠵᠢᠯᠤᠭᠤᠳᠴᠤ᠂ ᠬᠤᠲᠠ ᠶᠢᠨ ᠵᠠᠰᠠᠭ ᠤᠨ ᠣᠷᠳᠣᠨ | ᠠᠴᠠ ᠭᠤᠣᠯᠯᠠᠨ ᠡᠷᠭᠢᠯᠡᠵᠦ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠳᠠᠭᠠᠭᠠᠨ ᠡᠷᠬᠢᠯᠡᠵᠡᠢ | ᠃ ᠲᠤᠬᠠᠢ ᠶᠢᠨ ᠲᠠᠯᠠᠪᠠᠶ ᠳᠤ 75 ᠠᠵᠤ ᠠᠬᠤᠶᠢᠯᠠᠯ ᠤᠨ 110 ᠭᠠᠷᠤᠢ ᠬᠥᠮᠥᠨ ᠬᠤᠷᠠᠯ ᠳᠤ ᠣᠷᠣᠯᠴᠠᠵᠤ᠂ | ᠡᠭᠦᠨ ᠳᠤ ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ 18 ᠪᠣᠶ᠃ | ᠬᠤᠷᠠᠯ ᠠᠴᠠ ︽ᠭᠠᠷ ᠬᠤᠯᠪᠣᠨ ᠬᠥᠬᠡᠬᠤᠲᠠ ᠶᠢᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠢ | ᠬᠠᠮᠲᠤᠪᠠᠷ ᠪᠠᠶᠢᠭᠤᠯᠵᠤ᠂ ᠤᠮᠠᠷᠠᠰᠢ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠰᠢᠨ᠎ᠡ ᠵᠠᠮ ᠢ ᠬᠠᠮᠲᠤᠷᠠᠯᠴᠠᠨ | ᠬᠤᠪᠢᠶᠠᠯᠴᠠᠬᠤ︾ ᠲᠣᠭᠤᠷᠢᠨ ᠳᠤ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠥᠬᠡᠬᠤᠲᠠ ᠶᠢᠨ ᠳᠠᠪᠠᠭᠤᠯᠢᠭ ᠣᠨᠴᠠᠯᠢᠭ | ᠵᠢᠴᠢ ᠬᠠᠮᠲᠤᠷᠠᠯᠴᠠᠭᠠᠨ ᠤ ᠦᠨᠡᠨᠴᠢ ᠰᠡᠳᠬᠢᠯ ᠢ ᠭᠦᠢᠴᠡᠳ ᠬᠠᠷᠠᠭᠤᠯᠵᠤ᠂ ᠲᠤᠬᠠᠢ ᠶᠢᠨ ᠲᠠᠯᠠᠪᠠᠢ ᠳᠤ 12 ᠠᠵᠤ | ᠠᠬᠤᠶᠢᠯᠠᠯ ᠲᠠᠢ ᠭᠡᠷ᠎ᠡ ᠲᠣᠭᠲᠠᠵᠠᠢ᠃ | ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠡᠷᠭᠢᠯᠡᠭᠰᠡᠨ ᠨᠢ ᠬᠥᠬᠡᠬᠤᠲᠠ ᠬᠢᠭᠡᠳ ︽ᠬᠥᠬᠡᠮᠥ᠋ᠷᠡᠨ ᠤ | ᠭᠤᠷᠪᠠᠯᠵᠢᠨ ᠬᠤᠶᠢᠭ︾ ᠤᠨ ᠭᠠᠵᠠᠷ ᠣᠷᠣᠨ ᠤ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ | ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠭᠰᠡᠨ ᠪᠥᠭᠡᠳ ᠰᠦᠵᠧᠦ ᠴᠢᠨᠠᠭᠰᠢᠯᠠᠪᠠᠯ ︽ᠬᠥᠬᠡᠮᠥ᠋ᠷᠡᠨ ᠤ ᠭᠤᠷᠪᠠᠯᠵᠢᠨ ᠬᠤᠶᠢᠭ︾ | ᠤᠨ ᠭᠠᠵᠠᠷ ᠣᠷᠣᠨ ᠤ ᠠᠵᠤ ᠠᠬᠤᠶᠢᠯᠠᠯ ᠤᠨ ᠬᠥᠬᠡᠬᠤᠲᠠ ᠳᠤ ᠢᠷᠡᠵᠦ᠂ ᠬᠥᠬᠡᠬᠤᠲᠠ ᠶᠢ ᠣᠶᠢᠯᠠᠭᠠᠬᠤ ᠳᠤ ᠠᠵᠠ | ᠲᠣᠬᠢᠶᠠᠯ ᠬᠠᠩᠭᠠᠭᠰᠠᠨ ᠪᠠᠶᠢᠨ᠎ᠠ᠃ |