ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠣᠶᠢᠯᠠᠭᠠᠭᠰᠠᠨ ᠢᠶᠠᠷ᠂ 2023 ᠣᠨ ᠤ 1 - 11 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠠᠴᠠ 2160.5 ᠳ᠋ᠦᠩᠰᠢᠭᠤᠷ ᠲᠥᠭᠦᠷᠢᠭ ᠵᠠᠷᠤᠴᠠᠭᠤᠯᠵᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ | ︽ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ | ᠲᠡᠮᠵᠢᠵᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 37.6% ᠶᠢ ᠡᠵᠡᠯᠡᠪᠡ᠃ | 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ | ᠢᠳᠡᠪᠬᠢᠲᠡᠢ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ | ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠬᠦᠷᠢᠶᠡᠨ ᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ | ᠬᠢᠵᠦ᠂ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠦᠢᠯᠡᠰ ᠲᠤ ᠰᠢᠨ᠎ᠡ ᠰᠢᠪᠲᠤᠯᠤᠯᠲᠠ ᠭᠠᠷᠭᠠᠵᠤ᠂ | ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ | ᠬᠠᠩᠭᠠᠭᠰᠠᠨ ᠪᠠᠶᠢᠨ᠎ᠠ᠃ | 2024 ᠣᠨ ᠳᠤ᠂ ᠪᠦᠭᠦ ᠣᠷᠣᠨ ᠤ ᠡᠳ᠋ ᠤᠨ ᠵᠠᠰᠠᠭ ᠤᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ | ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠪᠠᠲᠤᠯᠠᠬᠤ ᠳᠤ ᠦᠢᠯᠡᠴᠢᠯᠡᠵᠦ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ᠂ ᠭᠤᠣᠯᠳᠠᠯᠭ᠎ᠠ ᠲᠠᠢ ᠬᠦᠷᠢᠶᠡᠨ ᠤ | ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠶᠢ | ᠴᠢᠩᠭᠠᠳᠬᠠᠬᠤ᠂ ᠢᠳᠡᠪᠬᠢᠲᠡᠢ ᠪᠠᠷ ᠪᠡᠯᠡ ᠮᠥᠩᠭᠦ ᠴᠢᠷᠮᠠᠶᠢᠨ ᠣᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ | ᠪᠣᠯᠣᠨ᠎ᠠ᠃ | 2024 ᠣᠨ ᠳᠤ᠂ ᠪᠦᠭᠦ ᠣᠷᠣᠨ ᠤ ᠡᠳ᠋ ᠤᠨ ᠵᠠᠰᠠᠭ ᠤᠨ ᠰᠢᠰᠲ᠋ᠧᠮ ᠤᠨ ᠬᠢᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠪᠣᠯᠣᠨ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠵᠡᠷᠭᠡ ︽ᠵᠢᠷᠭᠤᠭᠠᠨ ᠢᠨᠵᠧᠨᠧᠷᠢᠩ︾ ᠢ ᠰᠠᠶᠢᠲᠤᠷ ᠳᠡᠮᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠡᠳ᠋ ᠤᠨ ᠵᠠᠰᠠᠭ ᠤᠨ ᠢᠷᠡᠯᠲᠡ ᠶᠢᠨ ᠪᠦᠲᠦᠴᠡ ᠶᠢᠨ ᠤᠯᠠᠨ ᠡᠰᠢᠵᠢᠯᠲᠡ ᠪᠣᠯᠣᠨ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠭᠦ ᠶᠢ ᠬᠦᠴᠦᠯᠡᠨ ᠠᠬᠢᠭᠤᠯᠤᠨ᠎ᠠ᠃ ᠡᠭᠦᠨ ᠤ ᠬᠠᠮᠲᠤ᠂ ᠠᠷᠠᠳ ᠤᠨ ᠠᠮᠢᠳᠤᠷᠠᠯ ᠢ ᠨᠠᠷᠢᠯᠢᠭ | ᠣᠨᠣᠴᠠᠲᠠᠢ ᠪᠠᠷ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠨᠠᠷᠢᠯᠢᠭ ᠠᠵᠢᠯ ᠣᠯᠭᠤᠯᠲᠠ ᠶᠢ ᠤᠷᠢᠳ ᠢᠶᠠᠷ | ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠳᠦᠷᠢᠮ ᠢ | ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ | ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ ᠠᠵᠢᠯ ᠢ | ᠰᠠᠶᠢᠲᠤᠷ ᠠᠳᠬᠤᠬᠤ ᠶᠢ ᠲᠡᠮᠵᠢᠨ᠎ᠠ᠃ ᠡᠭᠦᠨ ᠠᠴᠠ ᠭᠠᠳᠠᠨ᠎ᠠ᠂ ᠡᠳ᠋ ᠤᠨ ᠵᠠᠰᠠᠭ ᠤᠨ ᠨᠠᠷᠢᠯᠢᠭᠵᠢᠭᠤᠯᠤᠨ | ᠵᠢᠷᠤᠮᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠲᠥᠰᠥᠪ ᠤᠨ | ᠬᠠᠮᠢᠶᠠᠷᠤᠯᠲᠠ ᠪᠠᠷ ᠭᠤᠣᠯᠳᠠᠯᠭ᠎ᠠ ᠪᠤᠯᠭᠠᠬᠰᠠᠨ ᠡᠳ᠋ ᠤᠨ ᠵᠠᠰᠠᠭ ᠤᠨ ᠪᠡᠯᠡ ᠮᠥᠩᠭᠦ ᠶᠢᠨ ᠪᠦᠭᠦ ᠦᠶᠡᠯᠡᠯ ᠤᠨ | ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ᠂ ᠨᠠᠷᠢᠯᠢᠭᠵᠢᠭᠤᠯᠤᠨ | ᠵᠢᠷᠤᠮᠵᠢᠭᠤᠯᠤᠭᠰᠠᠨ ᠬᠠᠮᠢᠶᠠᠷᠤᠯᠲᠠ ᠶᠢᠨ ᠣᠨ ᠤ ᠪᠠᠶᠢᠭᠤᠯᠤᠯᠲᠠ ᠶᠢ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠤᠨ᠎ᠡ᠃ | |