ᠮᠥᠰᠥᠨ ᠳᠡᠪᠦᠷ᠎ᠡ ᠶᠢᠨ ᠵᠠᠯᠠᠭᠤᠴᠤᠳ ᠤᠨ ᠳᠤᠭᠤᠶᠢᠯᠠᠩ ᠤᠨ ᠤᠷᠤᠯᠳᠤᠭᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/1/18
     1 ᠰᠠᠷ᠎ᠠ ᠶᠢᠨ 15 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠥᠰᠥᠨ ᠳᠡᠪᠦᠷ᠎ᠡ ᠶᠢᠨ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠡᠮᠡᠭᠲᠡᠢ ᠶᠢᠨ ᠡᠭᠡᠯᠵᠢᠲᠦ ᠤᠷᠤᠯᠳᠤᠭᠠᠨ ᠤ 6 ᠳ᠋ᠤᠭᠠᠷ ᠡᠭᠡᠯᠵᠢᠲᠦ ᠤᠷᠤᠯᠳᠤᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠤᠨ ᠮᠥᠰᠥᠨ ᠪᠥᠮᠪᠦᠭᠡ ᠮᠥᠰᠥᠨ ᠳᠡᠪᠦᠷ᠎ᠡ ᠶᠢᠨ ᠣᠷᠳᠣᠨ ᠳᠤ ᠶᠠᠪᠤᠭᠳᠠᠪᠠ᠃      ᠵᠠᠯᠠᠭᠤᠴᠤᠳ‌‍ᠤᠨ ᠳᠤᠭᠤᠶᠢᠯᠠᠩ ᠤᠨ ᠡᠷᠡᠭᠲᠡᠢ ᠡᠮᠡᠭᠲᠡᠢ ᠶᠢᠨ ᠡᠭᠡᠯᠵᠢᠲᠦ ᠤᠷᠤᠯᠳᠤᠭᠠᠨ ᠨᠢ ᠡᠮᠦᠨ᠎ᠡ 5 ᠡᠭᠡᠯᠵᠢᠲᠦ ᠤᠷᠤᠯᠳᠤᠭᠠᠨ ᠢᠶᠠᠷ ᠳᠠᠮᠵᠢᠭᠠᠳ᠂ ᠦᠷ᠎ᠡ ᠳ᠋ᠦᠩ ᠨᠢ ᠤᠯᠠᠮ ᠢᠶᠠᠷ ᠲᠣᠳᠣᠷᠠᠵᠤ ᠢᠷᠡᠯ᠎ᠡ᠃ ᠮᠥᠰᠥᠨ ᠳᠡᠪᠦᠷ᠎ᠡ ᠶᠢᠨ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠶᠢᠨ ᠡᠭᠡᠯᠵᠢᠲᠦ ᠤᠷᠤᠯᠳᠤᠭᠠᠨ ᠤ ᠡᠮᠦᠨ᠎ᠡ 2 ᠨᠡᠷᠡᠰ ᠲᠤ ᠵᠢᠭᠰᠠᠭᠠᠭᠳᠠᠭᠰᠠᠨ ᠬᠥᠬᠡᠨᠠᠭᠤᠷ ᠤᠨ ᠠᠩᠭᠢ ᠪᠣᠯᠣᠨ ᠲᠢᠶᠠᠨᠵᠢᠨ ᠤ ᠠᠩᠭᠢ 6 ᠳ᠋ᠤᠭᠠᠷ ᠡᠭᠡᠯᠵᠢᠲᠦ ᠤᠷᠤᠯᠳᠤᠭᠠᠨ ᠳᠤ ᠬᠤᠷᠴᠠ ᠰᠢᠷᠦᠭᠦᠨ ᠥᠷᠢᠰᠦᠯᠳᠦᠵᠦ᠂ ᠡᠴᠦᠰ ᠲᠤ ᠲᠢᠶᠠᠨᠵᠢᠨ ᠤ ᠠᠩᠭᠢ 10᠄ 8 ᠪᠠᠷ ᠢᠯᠠᠪᠠ᠃ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠶᠢᠨ ᠮᠥᠰᠥᠨ ᠳᠡᠪᠦᠷ᠎ᠡ ᠶᠢᠨ ᠥᠪᠥᠷ ᠮᠣᠩᠭᠤᠯ ᠤᠨ ᠠᠩᠭᠢ ᠪᠠ ᠣᠷᠳᠣᠰ ᠬᠤᠲᠠ ᠶᠢᠨ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠠᠩᠭᠢ ᠶᠢᠨ ᠡᠭᠡᠯᠵᠢᠲᠦ ᠤᠷᠤᠯᠳᠤᠭᠠᠨ ᠳᠤ ᠬᠤᠶᠠᠷ ᠲᠠᠯ᠎ᠠ ᠪᠠᠷ ᠢᠶᠠᠨ ᠲᠣᠰ ᠲᠣᠰ 2 ᠤᠳᠠᠭ᠎ᠠ ᠢᠯᠠᠵᠤ᠂ 6 ᠳ᠋ᠤᠭᠠᠷ ᠡᠭᠡᠯᠵᠢ ᠶᠢᠨ ᠤᠷᠤᠯᠳᠤᠭᠠᠨ ᠨᠢ ᠵᠠᠩᠭᠢᠯᠠᠭ᠎ᠠ ᠶᠢᠨ ᠤᠷᠤᠯᠳᠤᠭᠠᠨ ᠪᠣᠯᠪᠠ᠂ ᠡᠴᠦᠰ ᠲᠤ ᠥᠪᠥᠷ ᠮᠣᠩᠭᠤᠯ ᠤᠨ ᠠᠩᠭᠢ 9᠄ 4 ᠪᠠᠷ ᠢᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号