ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 4 ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ 32 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/19
     ᠼᠦᠢ ᠵᠧᠨ ᠦ᠋ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠦᠢ ᠬᠤᠢ ᠱᠧᠩ︶ 1 ᠳ᠋ᠦ᠋ᠭᠡᠷ ᠰᠠᠷ᠎ᠠ ᠶᠢᠨ 18 ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 4 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ 32 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠤᠷᠠᠯᠳᠤᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠵᠢᠱᠢᠭᠳᠡᠭᠴᠢ ᠼᠦᠢ ᠵᠧᠨ ᠦ᠋ ᠬᠤᠷᠠᠯ ᠢ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠯᠢ ᠰᠢᠶᠣᠣ ᠳ᠋ᠦᠩ᠂ ᠯᠢ ᠸᠧᠨ ᠭᠧ᠂ ᠭᠤᠸ ᠷᠦᠢ ᠵᠢᠶᠦ᠋ᠨ᠂ ᠳᠡᠳ᠋ ᠲᠡᠷᠢᠭᠦᠯᠡᠭᠴᠢ ᠭᠤᠸ ᠵᠧᠨ ᠸᠧᠢ᠂ ᠰᠥᠸᠧ ᠶᠢᠩ ᠵᠢᠶᠦ᠋ᠨ᠂ ᠪᠠᠭᠠᠲᠤᠷ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠰᠥᠩ ᠬᠤᠶ᠂ ᠯᠢᠦ ᠵᠢᠶᠠᠨ ᠭᠦᠸᠧ᠂ ᠦ᠋ ᠴᠧᠩ ᠢ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠪᠢᠨ ᠬᠤᠷᠠᠯ ᠳᠤ ᠣᠷᠣᠯᠴᠠᠵᠠᠢ᠃      ᠬᠤᠷᠠᠯ ᠠᠴᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠤᠷᠠᠯ ᠤᠨ ᠶᠡᠷᠦᠩᠬᠡᠢ ᠫᠢᠶᠣᠣ ᠬᠢᠨᠠᠭᠴᠢ᠂ ᠳᠡᠳ᠋ ᠶᠡᠷᠦᠩᠬᠡᠢ ᠫᠢᠶᠣᠣ ᠬᠢᠨᠠᠭᠴᠢ᠂ ᠫᠢᠶᠣᠣ ᠬᠢᠨᠠᠭᠴᠢ ᠶᠢᠨ ᠨᠡᠷᠡᠰ ︵ᠲᠥᠰᠥᠯ︶ ᠢ ᠬᠢᠨᠠᠨ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ᠂ ᠫᠢᠶᠣᠣ ᠪᠦᠷᠢᠳᠬᠡᠭᠴᠢ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠂ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠤᠨ᠎ᠠ᠃      ᠬᠤᠷᠠᠯ ᠠᠴᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠤᠷᠠᠯ ᠤᠨ  ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ︵ᠲᠥᠰᠥᠯ︶᠂ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ︵ᠲᠥᠰᠥᠯ︶᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ︵ᠲᠥᠰᠥᠯ︶᠂ ᠤᠯᠤᠰ ᠲᠦᠷᠦ ᠶᠢᠨ ᠰᠢᠢᠳᠪᠦᠷᠢ ︵ᠲᠥᠰᠥᠯ︶ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠂ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠢ ᠡᠯ᠎ᠡ ᠶᠠᠷᠢᠯᠴᠠᠬᠤ ᠳᠤᠭᠤᠶᠢᠯᠠᠩ ᠳᠤ ᠳᠡᠪᠰᠢᠭᠦᠯᠵᠦ ᠬᠢᠨᠠᠨ ᠶᠠᠷᠢᠯᠴᠠᠭᠤᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号