ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/19
     ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃      ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠪᠦᠦ ᠭᠠᠩ ᠡᠷᠬᠢᠯᠡᠪᠡ᠃ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ 55 ᠬᠥᠮᠥᠨ᠂ ᠲᠣᠰ ᠬᠤᠷᠠᠯ ᠳᠤ 51 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠡᠯ᠎ᠡ ᠲᠥᠷᠥᠯ ᠤᠨ ᠵᠢᠱᠢᠭᠳᠡᠭᠰᠡᠳ ᠤᠨ ᠪᠠᠶᠢᠳᠠᠯ ᠤᠨ ᠲᠤᠬᠠᠢ ᠬᠤᠲᠠ ᠶᠢᠨ ᠨᠠᠮ ᠤᠨ ᠬᠤᠷᠢᠶᠠᠨ ᠤ ᠲᠠᠨᠢᠯᠴᠠᠭᠤᠯᠭ᠎ᠠ ᠶᠢ ᠰᠣᠨᠣᠰᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠭᠡᠰᠢᠭᠦᠨ ᠤ ᠵᠢᠱᠢᠭᠳᠡᠭᠰᠡᠳ ᠤᠨ ᠨᠡᠷᠡᠰ᠂ ᠬᠤᠳᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠵᠢᠱᠢᠭᠳᠡᠭᠰᠡᠳ ᠤᠨ ᠨᠡᠷᠡᠰ ᠪᠣᠯᠣᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠯᠠᠩᠬᠢ ᠲᠤᠰᠬᠠᠢ ᠵᠥᠪᠯᠡᠯ ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ ᠤ ᠵᠢᠱᠢᠭᠳᠡᠭᠰᠡᠳ ᠤᠨ ᠨᠡᠷᠡᠰ ᠢ ᠪᠠᠲᠤᠯᠠᠭᠰᠠᠨ ᠪᠥᠭᠡᠳ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠪᠣᠳᠣᠯᠬᠢᠯᠠᠭᠤᠯᠤᠨ ᠶᠠᠷᠢᠯᠴᠠᠭᠤᠯᠪᠠ︔  ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠰᠠᠨᠠᠯ ᠵᠥᠪᠯᠡᠯᠭᠡ ᠶᠢᠨ ᠲᠤᠬᠠᠢ ᠲᠣᠳᠣᠷᠬᠠᠶᠢᠯᠠᠯᠲᠠ ᠶᠢ ᠰᠣᠨᠣᠰᠤᠭᠰᠠᠨ ᠪᠥᠭᠡᠳ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠠᠷᠤᠮᠠᠯᠯᠠᠨ ᠲᠠᠷᠬᠠᠭᠠᠵᠤ ᠬᠢᠨᠠᠨ ᠶᠠᠷᠢᠯᠴᠠᠭᠤᠯᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号