ᠬᠤᠷᠢᠨᠭᠡᠷ ᠰᠢᠶᠠᠨ ᠠᠩᠬᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠰᠢᠨ᠎ᠡ ᠵᠢᠯ ᠢ ᠪᠡᠯᠭᠡᠯᠡᠬᠦ ᠰᠢᠨ᠎ᠡ ᠵᠢᠯ ᠢ ᠤᠭᠲᠤᠬᠤ ᠬᠠᠮᠲᠤᠷᠠᠭᠰᠠᠨ ᠨᠠᠶᠢᠷ ᠡᠷᠭᠢᠯᠡᠪᠡ
ᠨᠡᠶᠢᠲᠡᠯᠡᠭᠰᠡᠨ ᠴᠠᠭ᠄
2024/1/2
     12 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ ᠬᠤᠷᠢᠶ᠎ᠠ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠳᠠᠭᠠᠭᠠᠴᠢᠯᠠᠨ ᠡᠷᠬᠢᠯᠡᠵᠦ᠂ ᠰᠢᠶᠠᠨ ᠤ ᠤᠶᠤᠨᠲᠤ ᠨᠠᠰᠤᠵᠢᠯ ᠤᠨ ᠠᠰᠠᠷᠠᠮᠵᠢ ᠶᠢᠨ ᠵᠢᠯᠤᠭᠤᠳᠤᠯᠭ᠎ᠠ ᠲᠤᠬᠢᠷᠠᠭᠤᠯᠭ᠎ᠠ ᠶᠢᠨ ᠲᠥᠪ ᠠᠴᠠ ᠬᠠᠮᠵᠢᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠰᠢᠨ᠎ᠡ ᠵᠢᠯ ᠢ ᠤᠭᠲᠤᠬᠤ ︽ᠦᠳᠡᠰᠢ ᠶᠢᠨ ᠨᠡᠷᠡᠨ ᠤ ᠲᠤᠶᠠᠭ᠎ᠠ ᠭᠡᠷᠡᠯ ᠰᠠᠴᠤᠷᠠᠮ᠎ᠠ ᠦᠲᠡᠯᠦᠭᠡ ᠨᠠᠰᠤ︾ ᠭᠡᠬᠦ ᠬᠠᠮᠲᠤᠷᠠᠭᠰᠠᠨ ᠨᠠᠶᠢᠷ ᠰᠢᠶᠠᠨ ᠤ ᠭᠤᠷᠪᠠᠳᠤᠭᠠᠷ ᠶᠡᠭᠡ ᠬᠤᠷᠠᠯ ᠤᠨ ᠶᠣᠰᠣᠯᠠᠯ ᠤᠨ ᠲᠠᠩᠬᠢᠮ ᠳᠤ ᠠᠮᠵᠢᠯᠲᠠ ᠲᠠᠢ ᠶᠠᠪᠤᠭᠳᠠᠪᠠ᠃
     ᠬᠠᠮᠲᠤᠷᠠᠭᠰᠠᠨ ᠨᠠᠶᠢᠷ ᠨᠢ ︽ᠵᠣᠯ ᠵᠢᠷᠭᠠᠯᠲᠤ ᠳᠤᠮᠳᠠᠳᠤ ᠤᠯᠤᠰ ᠬᠠᠮᠲᠤ ᠪᠠᠷ ᠠᠶᠠᠯᠠᠶ᠎ᠠ︾ ᠭᠡᠬᠦ ᠪᠥᠵᠢᠭ ᠤᠨ ᠡᠬᠢᠯᠡᠯᠲᠡ ᠶᠢᠨ ᠬᠥᠰᠢᠭᠡ ᠪᠠᠨ ᠰᠡᠬᠦᠵᠦ᠂ ᠳᠠᠭᠤᠤ ︽ᠵᠠᠮᠴᠢ︾᠂ ᠬᠤᠶᠠᠭᠤᠯᠠ ᠶᠢᠨ ︽ᠬᠤᠷᠢᠨᠭᠡᠷ ᠤᠨ ᠮᠠᠭᠲᠠᠭᠠᠯ︾᠂ ᠰᠢᠯᠦᠭ ᠤᠶᠠᠩᠭᠠᠯᠠᠬᠤ ︽ᠰᠢᠨ᠎ᠡ ᠵᠢᠯ ᠤᠨ ᠰᠢᠨ᠎ᠡ ᠶᠢᠨ ᠨᠢᠭᠡᠨ ᠢ ᠪᠡᠯᠭᠡᠯᠡᠬᠦ ᠨᠢ︾ ᠵᠡᠷᠭᠡ 13 ᠲᠣᠭᠯᠠᠯᠲᠠ ᠭᠤᠶᠢᠳᠠ ᠰᠠᠶᠢᠬᠠᠨ ᠪᠣᠯᠪᠠ᠃ ᠲᠣᠭᠯᠠᠭᠴᠢᠳ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠠᠪᠢᠶᠠᠰ ᠴᠢᠳᠠᠪᠤᠷᠢ ᠪᠠᠨ ᠳᠡᠯᠭᠡᠨ᠂ ᠨᠤᠲᠤᠭ ᠤᠰᠤ ᠪᠠᠨ ᠬᠠᠶᠢᠷᠠᠯᠠᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢᠶᠠᠨ ᠪᠥᠵᠢᠭᠯᠡᠨ᠂ ᠠᠬᠤᠶ ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃      ︽ᠦᠳᠡᠰᠢ ᠶᠢᠨ ᠨᠡᠷᠡᠨ ᠤ ᠲᠤᠶᠠᠭ᠎ᠠ ᠭᠡᠷᠡᠯ ᠰᠠᠴᠤᠷᠠᠮ᠎ᠠ ᠦᠲᠡᠯᠦᠭᠡ ᠨᠠᠰᠤ︾ ᠭᠡᠬᠦ ᠬᠠᠮᠲᠤᠷᠠᠭᠰᠠᠨ ᠨᠠᠶᠢᠷ ᠨᠢ ᠮᠥᠩᠭᠦᠨ ᠨᠠᠰᠤᠨ ᠤ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠨᠠᠰᠤᠲᠠᠶᠢᠴᠤᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠰᠢᠨ᠎ᠡ ᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠬᠤᠷᠢᠨᠭᠡᠷ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠰ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃ ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号