ᠣᠷᠲᠣ ᠶᠢᠨ ᠳᠠᠭᠤᠤ ᠳᠤ ᠪᠠᠭ᠋ᠠᠲᠠᠢ ᠡᠭᠡᠴᠢ ᠳᠡᠭᠦᠦ ᠬᠤᠶᠠᠷ
ᠨᠡᠶᠢᠲᠡᠯᠡᠭᠰᠡᠨ ᠴᠠᠭ᠄
2024/1/2
     ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠣᠷᠲᠣ ᠶᠢᠨ ᠳᠠᠭᠤᠤ ᠶᠢᠨ ᠨᠡᠶᠢᠭᠡᠮᠯᠢᠭ  ᠠᠴᠠ ᠡᠷᠭᠢᠯᠠᠨ ᠶᠠᠪᠤᠭᠳᠠᠭᠤᠯᠤᠭᠰᠠᠨ ︽ᠪᠤᠯᠠᠭᠠᠨ ᠬᠠᠩᠭᠠᠢ ᠶᠢᠨ ᠪᠠᠷ᠎ᠠ︾ ᠦᠵᠦᠮᠦᠴᠢᠨ ᠣᠷᠲᠣ ᠶᠢᠨ ᠳᠠᠭᠤᠤ ᠶᠢᠨ ᠣᠷᠣᠯᠳᠣᠭᠠᠨ ᠤ ᠵᠠᠯᠠᠭᠤ ᠪᠠᠭᠠᠴᠤᠳ ᠤᠨ ᠳᠤᠭᠤᠶᠢᠯᠠᠩ ᠳᠤ ᠴᠠᠰᠤᠨ᠎ᠠ᠂ ᠬᠤᠷᠸ᠎ᠠ ᠡᠭᠡᠴᠢ ᠳᠡᠭᠦᠦ ᠬᠤᠶᠠᠭᠤᠯᠠ ᠪᠠᠨ ᠱᠠᠩᠨᠠᠯ ᠲᠤᠰᠴᠤ᠂ ᠦᠵᠡᠭᠴᠢ ᠲᠦᠮᠡᠨ ᠤ ᠲᠠᠭᠠᠰᠢᠶᠠᠯ ᠢ ᠭᠦᠷᠳᠡᠯ᠎ᠡ᠃
     ᠴᠠᠰᠤᠨ᠎ᠠ᠂ ᠬᠤᠷᠸ᠎ᠠ ᠡᠭᠡᠴᠢ ᠳᠡᠭᠦᠦ ᠬᠤᠶᠠᠷ ᠪᠣᠯ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠲᠠᠪᠰᠢᠯᠲᠠ ᠭᠠᠴᠠᠭᠠᠨ ᠤ ᠴᠣᠯᠮᠣᠨ ᠤ ᠥᠬᠢᠨ ᠪᠢᠯᠡ᠃ ᠡᠭᠡᠴᠢ ᠴᠠᠰᠤᠨ᠎ᠠ ᠨᠢ ᠬᠤᠰᠢᠭᠤᠨ ᠤ ᠪᠠᠨ ᠥᠨᠳᠥᠷ ᠲᠤᠮᠳᠠᠳᠤ ᠶᠢᠨ ᠨᠢᠭᠡᠳᠦᠭᠡᠷ ᠣᠨ ᠳᠤ ᠰᠤᠷᠤᠯᠴᠠᠵᠤ᠂ ᠳᠡᠭᠦᠦ ᠬᠤᠷᠸ᠎ᠠ ᠨᠢ ᠬᠤᠰᠢᠭᠤᠨ ᠤ ᠪᠠᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠳᠤ ᠰᠤᠷᠤᠯᠴᠠᠵᠤ ᠪᠠᠶᠢᠭ᠎ᠠ ᠠᠵᠢ᠃      ︽ᠪᠤᠯᠠᠭᠠᠨ ᠬᠠᠩᠭᠠᠢ ᠶᠢᠨ ᠪᠠᠷ᠎ᠠ︾ ᠣᠷᠲᠣ ᠶᠢᠨ ᠳᠠᠭᠤᠤ ᠶᠢᠨ ᠣᠷᠣᠯᠳᠣᠭᠠᠨ ᠶᠠᠪᠤᠭᠳᠠᠬᠤ ᠴᠢᠮᠡᠭᠡ ᠪᠠᠷ ᠡᠭᠡᠴᠢ ᠳᠡᠭᠦᠦ ᠬᠤᠶᠠᠭᠤᠯᠠ ᠪᠠᠨ ᠨᠡᠷ᠎ᠡ ᠮᠡᠳᠡᠭᠦᠯᠦᠨ ᠤᠷᠤᠯᠴᠠᠵᠤ᠂ ᠡᠭᠡᠴᠢ ᠴᠠᠰᠤᠨ᠎ᠠ ᠨᠢ ᠦᠵᠦᠮᠦᠴᠢᠨ ᠠᠷᠠᠳ‌‍ᠤᠨ ᠣᠷᠲᠣ ᠶᠢᠨ ᠳᠠᠭᠤᠤ ︽ᠨᠠᠷᠢᠨ ᠬᠥᠬᠡ︾ ᠶᠢ ᠳᠠᠭᠤᠯᠠᠵᠤ᠂ ᠭᠤᠷᠪᠠᠳᠤᠭᠠᠷ ᠲᠡᠰ ᠲᠤ ᠰᠢᠯᠭᠠᠷᠠᠵᠤ᠂ ᠳᠡᠭᠦᠦ ᠬᠤᠷᠸ᠎ᠠ ᠨᠢ ᠦᠵᠦᠮᠦᠴᠢᠨ ᠠᠷᠠᠳ ᠤᠨ ᠣᠷᠲᠣ ᠶᠢᠨ ᠳᠠᠭᠤᠤ ︽ᠠᠯᠳᠠᠨ ᠵᠢᠭᠦᠷᠳᠠᠢ ᠴᠡᠭᠴᠡᠦᠬᠡᠢ︾ ᠶᠢ ᠳᠠᠭᠤᠯᠠᠵᠤ᠂ ᠰᠢᠯᠢᠳᠡᠭ ᠲᠠᠰ ᠤᠨ ᠱᠠᠩᠨᠠᠯ ᠲᠤᠰᠴᠠᠢ᠃ ᠡᠶᠢᠨ ᠬᠦ ᠬᠢᠴᠢᠶᠡᠯ ᠰᠤᠷᠤᠯᠭ᠎ᠠ ᠳᠠᠭᠠᠨ ᠴᠢᠷᠮᠠᠶᠢᠯᠲᠠ ᠲᠠᠢ ᠡᠭᠡᠴᠢ ᠳᠡᠭᠦᠦ ᠬᠤᠶᠠᠭᠤᠯᠠ ᠰᠤᠷᠭᠠᠭᠤᠯᠢ᠂ ᠬᠤᠰᠢᠭᠤ ᠨᠤᠲᠤᠭ᠂ ᠣᠷᠣᠨ ᠠᠶᠢᠮᠠᠭ ᠤᠨ ᠳᠠᠭᠤᠤ ᠶᠢᠨ ᠤᠷᠤᠯᠲᠤᠭᠠᠨ ᠳᠤ ᠢᠳᠡᠪᠬᠢᠲᠡᠢ ᠣᠷᠣᠯᠴᠠᠨ᠂ ᠤᠯᠠᠨ ᠤᠳᠠᠭ᠎ᠠ ᠱᠠᠩᠨᠠᠯ ᠬᠥᠬᠢᠭᠦᠯᠦᠯ ᠢᠶᠠᠷ ᠡᠩᠭᠡᠷ ᠢᠶᠠᠨ ᠮᠢᠯᠢᠶᠠᠯᠭᠠᠵᠤ ᠪᠠᠶᠢᠵᠠᠢ᠃      ︽ᠪᠢ ᠰᠤᠷᠭᠠᠭᠤᠯᠢ ᠳᠤ ᠰᠠᠭᠤᠵᠤ ᠪᠠᠶᠢᠭ᠎ᠠ ᠬᠤᠶᠠᠷ ᠥᠬᠢᠨ ᠢᠶᠠᠨ ᠬᠠᠷᠠᠭᠠᠯᠵᠠᠬᠤ ᠶᠢᠨ  ᠲᠥᠯᠥᠭᠡ ᠬᠤᠰᠢᠭᠤ ᠣᠷᠣᠵᠤ᠂ 2021 ᠣᠨ ᠠᠴᠠ ᠬᠤᠭᠤᠯᠠᠨ ᠭᠡᠷ ᠡᠷᠭᠢᠯᠠᠭᠡᠤᠨ ᠡᠳᠦᠭᠡ ᠬᠦᠷᠴᠦ ᠪᠤᠢ᠃ ᠮᠢᠨᠤ ᠬᠤᠶᠠᠷ ᠥᠬᠢᠨ ᠪᠠᠭ᠎ᠠ ᠠᠴᠠ ᠪᠠᠨ ᠳᠠᠭᠤᠤ ᠳᠠᠭᠤᠯᠠᠬᠤ ᠳᠤᠷ᠎ᠠ ᠪᠠᠬ᠎ᠠ ᠲᠠᠢ᠂ ᠪᠥᠵᠢᠭ ᠤᠷᠠᠯᠢᠭ ᠲᠤ ᠴᠤ ᠶᠡᠭᠡ ᠠᠪᠢᠶᠠᠰᠯᠢᠭ᠃ ᠬᠢᠴᠢᠶᠡᠯ ᠰᠤᠷᠤᠯᠭ᠎ᠠ ᠶᠢᠨ ᠵᠠᠪ ᠴᠢᠯᠦᠭᠡ ᠪᠤᠶᠤ ᠭᠠᠷᠠᠭ ᠤᠨ ᠠᠮᠠᠷᠠᠯᠲᠠ ᠪᠠᠨ ᠠᠰᠢᠭᠯᠠᠨ ᠲᠤᠰᠬᠠᠢ ᠪᠠᠭᠰᠢ ᠠᠴᠠ ᠳᠠᠭᠤᠤ ᠳᠠᠭᠤᠯᠠᠬᠤ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠵᠦ ᠪᠤᠢ᠂ ᠬᠤᠶᠠᠷ ᠥᠬᠢᠨ ᠮᠠᠨᠢ ᠳᠠᠭᠤᠤ ᠳᠤ ᠪᠠᠭ᠋ᠠᠲᠠᠢ ᠪᠣᠯᠬᠤᠷ ᠡᠨᠡ ᠲᠠᠯ᠎ᠠ ᠪᠠᠷ ᠶᠡᠭᠡ ᠴᠢᠷᠮᠠᠶᠢᠯᠲᠠ ᠲᠠᠢ ᠪᠠᠶᠢᠳᠠᠭ︾  ᠭᠡᠵᠦ ᠴᠣᠯᠮᠣᠨ ᠤᠷᠮᠠᠲᠠᠶᠢᠬᠠᠨ ᠶᠠᠷᠢᠵᠤ ᠪᠠᠶᠢᠯ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号