2023 ᠣᠨ ᠳᠤ ᠮᠠᠨ ᠤ ᠣᠷᠣᠨ 3155 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/1/22
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ 3155 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ 8259 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠂ 2022 ᠣᠨ  ᠤ ᠬᠢ ᠠᠴᠠ 1923 ᠳ᠋ᠦᠩᠰᠢᠭᠤᠷ ᠲᠥᠭᠦᠷᠢᠭ ᠨᠡᠮᠡᠭᠳᠡᠵᠦ᠂ 30.4% ᠪᠠᠷ ᠨᠡᠮᠡᠭᠳᠡᠵᠡᠢ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠᠷ᠂ 2023 ᠣᠨ ᠳᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠠᠳᠬᠤᠵᠤ᠂ ᠪᠦᠭᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠦᠭᠰᠡᠨ ᠪᠠᠶᠢᠨ᠎ᠠ᠃ ᠡᠨᠡ ᠬᠦ ᠶᠠᠪᠤᠴᠠ ᠳᠤ ᠮᠠᠨ ᠤ ᠣᠷᠣᠨ ᠵᠢᠯ ᠤᠨ ᠡᠬᠢᠨ ᠳᠤ ᠪᠠᠶᠢᠷᠢᠯᠠᠭᠤᠯᠬᠤ᠂ ᠪᠠᠷᠢᠯᠭ᠎ᠠ ᠡᠬᠢᠯᠡᠬᠦ ᠤᠯᠠᠷᠢᠯ ᠳᠤ ᠳᠠᠶᠢᠴᠢᠯᠠᠯᠲᠠ ᠬᠢᠬᠦ᠂ ᠴᠠᠭ ᠲᠤᠬᠠᠢ ᠳᠤᠨᠢ ᠲᠤᠰᠬᠠᠢ ᠵᠣᠬᠢᠴᠠᠭᠤᠯᠬᠤ ᠵᠡᠷᠭᠡ ᠠᠵᠢᠯ  ᠢ ᠠᠬᠢᠭᠤᠯᠬᠤ ᠳᠤᠬᠳᠠᠴᠠ᠂  ᠲᠢᠩᠬᠢᠮ ᠤᠨ ᠬᠤᠭᠤᠷᠤᠨᠳᠤᠭᠢ ᠬᠠᠮᠲᠤᠷᠠᠭᠰᠠᠨ ᠬᠤᠷᠠᠯ᠂ ᠴᠢᠬᠤᠯᠠ ᠶᠡᠭᠡ ᠲᠦᠷᠦᠯ ᠵᠦᠢᠯ ᠢ ᠭᠤᠷᠪᠠᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠬᠤ᠂ ᠡᠮᠦᠨᠡᠬᠢ ᠬᠤᠭᠤᠴᠠᠭᠠᠨ ᠤ ᠭᠠᠷᠳᠠᠮ ᠢ ᠭᠤᠷᠪᠠᠨ ᠱᠠᠲᠤᠨ ᠤ ᠰᠠᠯᠠᠭ᠎ᠠ ᠮᠥᠴᠢᠷ ᠳᠠᠭᠠᠭᠠᠴᠢᠯᠠᠨ ᠬᠠᠷᠢᠭᠤᠴᠠᠬᠤ ᠵᠡᠷᠭᠡ ᠠᠵᠢᠯ ᠢ ᠵᠣᠬᠢᠴᠠᠭᠤᠯᠬᠤ ᠳᠤᠬᠳᠠᠴᠠ᠂  ᠴᠢᠬᠤᠯᠠ ᠶᠡᠭᠡ ᠲᠦᠷᠦᠯ ᠵᠦᠢᠯ ᠢ ᠨᠠᠷᠢᠯᠢᠭ ᠲᠣᠬᠢᠷᠠᠭᠤᠯᠤᠨ᠂ ᠪᠦᠭᠦ ᠦᠶᠡᠯᠡᠯ ᠤᠨ ᠬᠤᠭᠤᠴᠠᠭ᠎ᠠ ᠪᠠᠷ ᠬᠠᠮᠢᠶᠠᠷᠬᠤ ᠵᠡᠷᠭᠡ ᠠᠵᠢᠯ ᠢ ᠲᠣᠬᠢᠷᠠᠭᠤᠯᠬᠤ ᠲᠣᠭᠲᠠᠴᠠ ᠮᠡᠲᠦ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠳᠠᠢ ᠠᠵᠢᠯ ᠤᠨ ᠲᠣᠭᠲᠠᠴᠠ  ᠶᠢ ᠪᠦᠷᠢᠯᠳᠦᠭᠦᠯᠪᠡ᠃ ᠡᠭᠦᠨ ᠤ ᠵᠡᠷᠭᠡ ᠪᠠᠷ ᠪᠦᠭᠦ ᠣᠷᠣᠨ ᠳᠤ ᠵᠢᠳᠬᠦᠯ ᠴᠢᠷᠮᠠᠶᠢᠯᠭ᠎ᠠ ᠲᠠᠢ᠂ ᠦᠨᠡᠨ ᠬᠦ ᠠᠳᠬᠤᠵᠤ ᠪᠣᠳᠠᠲᠠᠢ ᠠᠵᠢᠯᠯᠠᠳᠠᠭ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠳᠡᠭ ᠨᠢᠭᠡ ᠪᠦᠯᠦᠭ ᠪᠡᠯᠡ ᠤᠷᠤᠭᠤᠯᠤᠯᠳᠠ ᠶᠢᠨ ᠠᠵᠢᠯ ᠤᠨ ᠡᠩᠨᠡᠭᠡ ᠶᠢ ᠬᠥᠮᠥᠵᠢᠭᠦᠯᠦᠨ᠂ 2023 ᠣᠨ ᠤ 1 - 11 ᠰᠠᠷ᠎ᠠ ᠳᠤ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 21.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠲᠤ ᠬᠤᠶᠠᠳᠤᠭᠠᠷ ᠲᠤ ᠵᠢᠭᠰᠠᠨ᠂ ᠪᠦᠭᠦ ᠣᠷᠣᠨ ᠤ ᠪᠡᠯᠡ ᠤᠷᠤᠭᠤᠯᠤᠯᠳᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠪᠡ᠃       2024 ᠣᠨ ᠳᠤ ᠮᠠᠨ ᠤ ᠣᠷᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠪᠡᠶᠡᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠨ 3000 ᠭᠠᠷᠤᠢ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠦᠨ᠂ ᠲᠤᠰ ᠵᠢᠯ ᠳᠡᠭᠡᠨ 9000 ᠳ᠋ᠦᠩᠰᠢᠭᠤᠷ ᠲᠥᠭᠦᠷᠢᠭ ᠣᠷᠴᠢᠮ ᠤᠨ ᠪᠡᠯᠡ ᠤᠷᠤᠭᠤᠯᠤᠯᠳᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号