ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠠᠵᠤ ᠦᠢᠯᠡᠰ ᠤᠨ ᠬᠡᠯᠬᠢᠶ᠎ᠡ ᠶᠢ | ᠴᠢᠩᠭᠠᠳᠬᠠᠬᠤ ᠶᠢ ᠪᠦᠭᠦ ᠬᠦᠴᠦᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠯ ᠠᠵᠤ | ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ 149 ᠳᠠᠭᠠᠭᠤᠯᠤᠭᠴᠢ ᠠᠵᠤ ᠠᠬᠤᠶᠢᠯᠠᠯ ᠢ ᠰᠢᠨ᠎ᠡ ᠪᠠᠷ | ᠭᠡᠷᠡᠴᠢᠯᠡᠨ ᠲᠣᠭᠲᠠᠭᠠᠵᠤ᠂ ᠤᠳᠤ ᠪᠦᠭᠦ ᠣᠷᠣᠨ ᠳᠤ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ | 770 ᠳᠠᠭᠠᠭᠤᠯᠤᠭᠴᠢ ᠠᠵᠤ ᠠᠬᠤᠶᠢᠯᠠᠯ ᠲᠠᠢ ᠪᠠᠶᠢᠵᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ | ᠤᠶᠠᠨ ᠬᠠᠳᠠᠨ ᠴᠢᠨᠠᠷ ᠤᠯᠠᠮ ᠴᠢᠩᠭᠠᠷᠠᠪᠠ᠃ | 2023 ᠣᠨ ᠳᠤ᠂ ᠮᠠᠨ ᠤ ᠣᠷᠣᠨ ᠰᠦ ᠪᠠ ᠲᠥᠮᠥᠰᠥᠨ ᠤ ᠦᠢᠯᠡᠰ ᠤᠨ 2 ᠤᠯᠤᠰ ᠤᠨ ᠳᠡᠰ ᠤᠨ | ᠠᠵᠤ ᠦᠢᠯᠡᠰ ᠤᠨ ᠪᠦᠯᠦᠭᠵᠢᠯ᠂ ᠮᠠᠯ ᠠᠵᠤ ᠠᠬᠤᠢ ᠲᠠᠷᠢᠶᠠᠯᠠᠩ ᠤᠨ 3 ᠤᠯᠤᠰ ᠤᠨ ᠳᠡᠰ ᠤᠨ ᠣᠳᠣ ᠦᠶ᠎ᠡ | ᠶᠢᠨ ᠠᠵᠤ ᠦᠢᠯᠡᠰ ᠤᠨ ᠬᠦᠷᠢᠶᠡᠯᠡᠩ ᠪᠠ 8 ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠰᠢᠨ᠎ᠡ ᠪᠠᠷ ᠡᠭᠦᠳᠦᠨ | ᠪᠠᠶᠢᠭᠤᠯᠵᠤ᠂ ᠡᠭᠦᠳᠦᠨ ᠪᠠᠶᠢᠭᠤᠯᠤᠭᠰᠠᠨ ᠲᠤᠭ᠎ᠠ ᠪᠠᠷ ᠪᠦᠭᠦ ᠤᠯᠤᠰ ᠲᠤ ᠲᠦᠷᠦᠭᠦᠯᠡᠪᠡ᠃ 5 ᠬᠤᠰᠢᠭᠤ ᠰᠢᠶᠠᠨ᠂ | 20 ᠰᠢᠶᠠᠩ ᠪᠠᠯᠭᠠᠰᠤ ᠪᠠ 100 ᠭᠠᠴᠠᠭ᠎ᠠ ᠲᠣᠰᠬᠤᠨ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ | ᠦᠵᠡᠭᠦᠯᠭᠦ ᠠᠵᠢᠯᠯᠠᠭ᠎ᠠ ᠥᠷᠨᠢᠭᠦᠯᠵᠦ᠂ ᠪᠦᠭᠦ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠲᠠᠯᠠᠪᠠᠢ 2400 ᠲᠦᠮᠡᠨ ᠮᠦ ᠳᠤ ᠭᠦᠷᠴᠠᠢ᠃ ᠦᠬᠡᠷ ᠬᠤᠨᠢ ᠲᠡᠵᠢᠭᠡᠨ ᠦᠷᠡᠵᠢᠭᠦᠯᠬᠦ 37 ᠲᠣᠮᠣ ᠬᠤᠰᠢᠭᠤ | ᠰᠢᠶᠠᠨ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠵᠤ᠂ ᠪᠦᠭᠦ ᠣᠷᠣᠨ ᠤ 60% ᠶᠢᠨ | ᠦᠬᠡᠷ ᠬᠤᠨᠢ ᠢᠮᠠᠭᠠᠨ ᠤ ᠲᠡᠵᠢᠭᠡᠪᠦᠷᠢ ᠶᠢᠨ ᠦᠢᠯᠡᠰ ᠲᠠᠢ ᠬᠤᠯᠪᠣᠭᠳᠠᠪᠠ᠃ ᠪᠠᠰᠠ 30 ᠬᠤᠰᠢᠭᠤ ᠰᠢᠶᠠᠨ ᠳᠤ | ︽ᠭᠠᠴᠠᠭ᠎ᠠ ᠲᠣᠰᠬᠤᠨ ᠤ ᠮᠥᠩᠭᠦᠨ ᠭᠦᠢᠯᠭᠡᠭᠡᠨ ᠤ ᠳᠡᠳ᠋ ᠳᠠᠷᠤᠭ᠎ᠠ︾ ᠶᠢᠨ ᠵᠠᠭᠪᠤᠷ ᠢ ᠳᠡᠯᠭᠡᠷᠡᠭᠦᠯᠵᠦ᠂ 2353 | ︽ᠭᠠᠴᠠᠭ᠎ᠠ ᠲᠣᠰᠬᠤᠨ ᠤ ᠮᠥᠩᠭᠦᠨ ᠭᠦᠢᠯᠭᠡᠭᠡᠨ ᠤ ᠳᠡᠳ᠋ ᠳᠠᠷᠤᠭ᠎ᠠ︾ ᠠᠵᠢᠯ ᠤᠨ ᠪᠠᠶᠢᠷᠢ ᠳᠤ ᠭᠠᠷᠴᠤ | ᠦᠢᠯᠡᠴᠢᠯᠡᠭᠡ ᠬᠠᠩᠭᠠᠨ᠂ 11097 ᠮᠠᠯᠵᠢᠬᠤ ᠲᠠᠷᠢᠶᠠᠯᠠᠬᠤ ᠡᠷᠦᠭᠡ ᠳᠤ ᠨᠡᠶᠢᠳᠡ 31.04 ᠳ᠋ᠦᠩᠰᠢᠭᠤᠷ | ᠲᠥᠭᠦᠷᠢᠭ ᠤᠨ ᠪᠠᠩᠬᠢ ᠶᠢᠨ ᠵᠢᠭᠡᠯᠡᠯᠭᠡ ᠣᠯᠭᠤᠪᠠ᠃ | ᠮᠠᠨ ᠤ ᠣᠷᠣᠨ 2023 ᠣᠨ ᠳᠤ ᠤᠯᠤᠰ ᠤᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠬᠡᠷᠡᠭᠯᠡᠬᠦ | ᠡᠷᠬᠡ ᠶᠢᠨ ᠳᠠᠭᠠᠭᠠᠴᠢᠯᠠᠯᠲᠠ ᠶᠢ ᠤᠷᠲᠤᠳᠬᠠᠬᠤ ᠪᠠ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾᠂ | ︽ᠭᠤᠷᠪᠠ ᠶᠢ ᠬᠤᠪᠢᠷᠠᠭᠤᠯᠬᠤ︾ ᠵᠡᠷᠭᠡ 34 ᠵᠦᠢᠯ ᠤᠨ ᠨᠡᠶᠢᠲᠡᠯᠢᠭ ᠥᠭᠡᠷᠡᠴᠢᠯᠡᠯᠲᠡ ᠶᠢᠨ ᠵᠠᠭᠪᠤᠷ ᠢ ᠳ᠋ᠦᠩᠨᠡᠨ | ᠳᠡᠯᠭᠡᠷᠡᠭᠦᠯᠵᠡᠢ᠃ ᠪᠠᠰᠠ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠵᠦ ᠬᠥᠲᠥᠯᠥᠨ ᠳᠠᠭᠠᠭᠤᠯᠬᠤ | ᠠᠵᠢᠯᠯᠠᠭᠠᠨ ᠥᠷᠨᠢᠭᠦᠯᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠠᠵᠢᠯ ᠣᠯᠭᠤᠬᠤ | ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ᠂ ᠪᠦᠭᠦ ᠣᠷᠣᠨ ᠤ ᠪᠤᠢ ᠪᠦᠬᠦᠢ ᠭᠠᠴᠠᠭ᠎ᠠ ᠲᠤᠰᠬᠤᠨ ᠤ | ᠬᠠᠮᠲᠤ ᠶᠢᠨ ᠤᠷᠤᠯᠭ᠎ᠠ ᠴᠥᠮ 10 ᠲᠦᠮᠡᠨ ᠲᠥᠭᠦᠷᠢᠭ ᠢ ᠳᠠᠪᠠᠵᠤ᠂ ᠲᠦᠷᠦᠭᠦᠦ ᠭᠤᠷᠪᠠᠨ ᠤᠯᠠᠷᠢᠯ ᠳᠤ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠷᠢᠰᠢᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠤᠯᠬᠤ ᠣᠷᠣᠯᠭ᠎ᠠ 13863 ᠲᠥᠭᠦᠷᠢᠭ ᠲᠤ ᠬᠦᠷᠴᠦ 7.6% ᠪᠠᠷ ᠨᠡᠮᠡᠭᠳᠡᠭᠰᠡᠨ ᠪᠠᠶᠢᠨ᠎ᠠ᠃ |