ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠯᠠ ᠰᠠᠪᠠᠯᠠᠭᠰᠠᠨ ᠬᠠᠷ᠎ᠠ ᠠᠷᠢᠬᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/1/23
     ᠴᠠᠭᠠᠨ ᠰᠠᠷ᠎ᠠ ᠣᠶᠢᠷᠠᠳᠴᠤ᠂ ᠮᠠᠨ ᠤ ᠰᠢᠶᠠᠨ ᠤ ᠰᠤᠯᠠ ᠰᠠᠪᠠᠯᠠᠭᠰᠠᠨ ᠬᠠᠷ᠎ᠠ ᠠᠷᠢᠬᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠪᠠᠬᠢᠵᠢᠭᠦᠯᠵᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠤᠯᠠ ᠰᠠᠪᠠᠯᠠᠭᠰᠠᠨ ᠬᠠᠷ᠎ᠠ ᠠᠷᠢᠬᠢ ᠶᠢᠨ ᠪᠣᠷᠤᠯᠠᠭᠤᠯᠭ᠎ᠠ ᠶᠢᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠡᠢ᠃ ᠣᠲᠣ ᠪᠣᠯᠲᠠᠯ᠎ᠠ᠂ ᠰᠤᠯᠠ ᠰᠠᠪᠠᠯᠠᠭᠰᠠᠨ ᠬᠠᠷ᠎ᠠ ᠠᠷᠢᠬᠢ ᠡᠵᠡᠩᠨᠡᠭᠴᠢ ᠶᠢ ᠨᠡᠶᠢᠲᠡ 36 ᠡᠷᠦᠬᠡ ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 144 ᠬᠥᠮᠥᠨ ᠤᠳᠠᠭ᠎ᠠ ᠬᠥᠳᠡᠯᠭᠡᠵᠡᠢ᠃      ᠲᠣᠰ ᠤᠳᠠᠭᠠᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠳᠤ᠂ ᠰᠤᠯᠠ ᠰᠠᠪᠠᠯᠠᠭᠰᠠᠨ ᠬᠠᠷ᠎ᠠ ᠠᠷᠢᠬᠢ ᠡᠵᠡᠩᠨᠡᠬᠦ ᠨᠢᠭᠡᠴᠢ ᠶᠢᠨ ᠦᠨᠡᠮᠯᠡᠯ ᠲᠠᠢ ᠪᠠᠷ ᠡᠵᠡᠩᠨᠡᠵᠦ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ︔ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠶᠢ ᠴᠢᠩᠭ᠎ᠠ ᠭᠦᠢᠴᠡᠳᠬᠡᠭᠰᠡᠨ ᠡᠰᠡᠬᠦ︔ ᠲᠡᠮᠳᠡᠭ ᠪᠠᠶᠢᠬᠤ ᠡᠰᠡᠬᠦ︔ ᠢᠷᠡᠯᠲᠡ ᠨᠢ ᠲᠣᠳᠣᠷᠬᠠᠢ ᠦᠭᠡᠢ᠂ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠦᠭᠡᠢ ᠦᠢᠯᠡᠳᠬᠦᠨ ᠢ ᠬᠤᠳᠠᠯᠳᠤᠨ ᠠᠪᠤᠭᠰᠠᠨ᠂ ᠪᠣᠷᠣᠯᠠᠭᠤᠯᠤᠭᠰᠠᠨ ᠪᠠ ᠬᠡᠷᠡᠭᠯᠡᠭᠰᠡᠨ ᠡᠰᠡᠬᠦ︔ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠠᠬᠢ ᠪᠣᠭᠤᠳᠠᠯᠯᠠᠬᠤ ᠮᠠᠲ᠋ᠧᠷᠢᠶᠠᠯ ᠪᠠ ᠰᠠᠪᠠ ᠬᠡᠷᠡᠭᠰᠡᠯ ᠢ ᠬᠡᠷᠡᠭᠯᠡᠬᠦ ᠱᠠᠭᠠᠷᠳᠠᠯᠭ᠎ᠠ ᠳᠤ ᠨᠡᠶᠢᠴᠡᠬᠦ ᠡᠰᠡᠬᠦ ᠵᠡᠷᠭᠡ᠃ ᠠᠷᠢᠬᠢ ᠫᠠᠨᠽᠠᠯᠠᠬᠤ ᠭᠤᠣᠯ ᠴᠣᠭᠴᠠ ᠨᠢ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠡᠰᠡᠬᠦ ᠶᠢ ᠪᠠᠶᠢᠴᠠᠭᠠᠵᠤ᠂ ᠨᠠᠰᠤᠨ ᠳᠤ ᠥᠯᠥ ᠭᠦᠷᠦᠭᠰᠡᠳ ᠲᠤ ᠠᠷᠢᠬᠢ ᠬᠤᠳᠠᠯᠳᠤᠬᠤ ᠦᠭᠡᠢ ᠪᠥᠭᠡᠳ ᠢᠯᠡᠷᠬᠡᠢ ᠭᠠᠵᠠᠷ ᠲᠤ ︽ᠨᠠᠰᠤᠨ ᠳᠤ ᠥᠯᠥ ᠭᠦᠷᠦᠭᠰᠡᠳ ᠲᠤ ᠠᠷᠢᠬᠢ ᠬᠤᠳᠠᠯᠳᠤᠬᠤ ᠶᠢ ᠴᠠᠭᠠᠵᠠᠯᠠᠬᠤ︾ ᠲᠡᠮᠳᠡᠭ ᠢ ᠨᠠᠭᠠᠪᠠ᠃ ᠡᠭᠦᠨ ᠤ ᠬᠠᠮᠲᠤ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠬᠤᠯᠪᠣᠭᠳᠠᠯ ᠪᠦᠬᠦᠢ ᠡᠵᠡᠩᠨᠡᠯᠲᠡ ᠶᠢᠨ ᠡᠷᠦᠬᠡ ᠳᠤ ᠵᠢᠯᠣᠭᠤᠳᠤᠯᠭ᠎ᠠ ᠦᠢᠯᠡᠴᠢᠯᠡᠭᠡ ᠬᠠᠩᠭᠠᠵᠤ᠂ ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠢ ᠲᠡᠭᠦᠯᠳᠡᠷᠵᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠡᠭᠦᠰᠬᠦ ᠶᠢ ᠰᠡᠷᠭᠡᠶᠢᠯᠡᠪᠡ᠃      ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠷᠢ ᠲᠡᠩᠴᠡᠬᠦ ᠦᠭᠡᠢ ᠰᠤᠯᠠ ᠰᠠᠪᠠᠯᠠᠭᠰᠠᠨ ᠬᠠᠷ᠎ᠠ ᠠᠷᠢᠬᠢ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠴᠢᠩᠭ᠎ᠠ ᠰᠡᠷᠭᠡᠶᠢᠯᠡᠨ᠎ᠡ᠃ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠲᠤᠰᠬᠠᠢ ᠴᠡᠭᠴᠡᠯᠡᠨ ᠵᠠᠰᠠᠯᠲᠠ ᠳᠤ ᠥᠯᠥ ᠣᠨᠣᠭᠳᠠᠬᠤ ᠭᠠᠵᠠᠷ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号