ᠬᠤᠷᠢᠨᠭᠡᠷ ᠰᠢᠶᠠᠨ ᠰᠠᠨᠠᠭᠠᠴᠢᠯᠠᠭ᠎ᠠ ᠠᠴᠠ ᠪᠠᠨ ᠦᠨᠡᠨ ᠬᠦ ᠠᠳᠬᠤᠵᠤ  ᠪᠣᠳᠠᠲᠠᠢ ᠠᠵᠢᠯᠯᠠᠨ  ᠡᠯ᠎ᠡ ᠵᠦᠢᠯ ᠤᠨ ᠠᠵᠢᠯ ᠢ ᠠᠬᠢᠭᠤᠯᠵᠤ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠣᠯᠵᠤ ᠪᠣᠢ
ᠨᠡᠶᠢᠲᠡᠯᠡᠭᠰᠡᠨ ᠴᠠᠭ᠄
2024/1/23
     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ 2023 ᠣᠨ ᠳᠤ ᠣᠯᠣᠭᠰᠠᠨ ᠬᠥᠭᠵᠢᠯᠲᠡ ᠶᠢᠨ ᠠᠮᠵᠢᠯᠲᠠ ᠶᠢ ᠪᠥᠬᠦ ᠲᠠᠯ᠎ᠠ ᠪᠠᠷ ᠪᠤᠰᠤᠳᠴᠢ ᠪᠠᠷ ᠡᠷᠭᠢᠴᠡᠭᠦᠯᠵᠦ᠂ 2024 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠪᠠ ᠭᠤᠣᠯᠳᠠᠯᠭ᠎ᠠ ᠲᠠᠢ ᠡᠭᠦᠷᠭᠡ ᠶᠢᠨ ᠲᠤᠬᠠᠢ ᠠᠷᠭ᠎ᠠ ᠪᠣᠳᠣᠯᠭ᠎ᠠ ᠪᠠ ᠲᠣᠬᠢᠷᠠᠭᠤᠯᠤᠯᠲᠠ ᠬᠢᠵᠡᠢ ᠂ ᠢᠯᠡᠳᠬᠡᠯ ᠤᠨ ᠰᠡᠳᠬᠢᠮᠵᠢ ᠲᠣᠳᠣᠷᠬᠠᠢ᠂ ᠬᠠᠷᠠᠯᠲᠠ ᠥᠨᠳᠥᠷ ᠪᠠᠶᠢᠵᠤ᠂ ᠬᠥᠮᠥᠰ ᠤᠨ ᠰᠡᠳᠬᠢᠯ ᠢ ᠵᠣᠷᠢᠭᠵᠢᠭᠤᠯᠤᠨ ᠤᠷᠤᠭᠰᠢᠯᠠᠭᠤᠯᠵᠤ᠂ ᠪᠢᠳᠡᠨ ᠤ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠬᠦ ᠶᠢᠨ ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ︾᠃ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠯᠠᠭᠤᠨ ᠠᠩᠬᠠᠷᠤᠯ ᠤᠨ ᠳᠤᠮᠳᠠ᠂ ᠬᠥᠬᠡᠬᠤᠲᠠ ᠶᠢᠨ ᠬᠤᠶᠠᠷ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ ᠠᠮᠵᠢᠯᠲᠠ ᠲᠠᠢ ᠲᠡᠭᠦᠰᠪᠡ᠃ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠹᠧᠩ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠷᠢᠨᠭᠡᠷ ᠰᠢᠶᠠᠨ ᠳᠤ ᠪᠥᠬᠦ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠪᠣᠳᠠᠲᠠᠢ ᠠᠵᠢᠯ ᠢᠶᠠᠨ ᠢᠯᠡᠳᠬᠡᠯ ᠳᠤ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠬᠥᠭᠵᠢᠯᠲᠡ ᠶᠢ ᠪᠥᠬᠦ ᠬᠤᠲᠠ ᠶᠢᠨ ᠲᠥᠯᠦᠪᠵᠢᠭᠦᠯᠭᠡ ᠳᠤ ᠨᠠᠶᠢᠳᠠᠪᠤᠷᠢᠵᠢᠭᠤᠯᠤᠨ᠎ᠠ ᠭᠡᠵᠡᠢ᠃      ᠭᠤᠸ ᠹᠧᠩ ᠬᠡᠯᠡᠬᠦ ᠳᠡᠭᠡᠨ᠂ ᠬᠤᠷᠢᠨᠭᠡᠷ ᠰᠢᠶᠠᠨ ᠳᠤ 2000 ᠭᠠᠷᠤᠢ ᠵᠢᠯ ᠤᠨ ᠬᠤᠲᠠ ᠪᠠᠶᠢᠭᠤᠯᠤᠭᠰᠠᠨ ᠲᠡᠦᠬᠡ ᠲᠠᠢ ᠪᠠᠶᠢᠵᠤ᠂ ︽ᠤᠮᠠᠷᠠᠲᠤ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠡᠭᠦᠳᠬᠦ ᠲᠠᠯ᠎ᠠ ᠪᠠᠷ ᠶᠡᠭᠡ ᠦᠢᠯᠡᠰ ᠪᠦᠲᠦᠭᠡᠵᠦ ᠪᠣᠯᠣᠨ᠎ᠠ᠃ ᠬᠤᠷᠢᠨᠭᠡᠷ ᠰᠢᠶᠠᠨ ᠤ ᠬᠢᠨ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠷᠭᠦᠯᠵᠢᠯᠡᠨ ᠣᠷᠣᠨ ᠤ ᠲᠥᠪ ᠲᠤ ᠠᠭᠤᠰᠤᠯᠴᠠᠵᠤ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠤᠨ ᠬᠠᠷᠠᠯᠲᠠ ᠶᠢ ᠡᠬᠢᠯᠡᠭᠦᠯᠵᠦ᠂ ᠲᠦ᠋ ᠴᠧᠩ ᠽᠢ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠰᠣᠶᠣᠯ ᠦᠵᠡᠰᠬᠦᠯᠡᠩ ᠤᠨ ᠲᠠᠯᠠᠪᠠᠢ ᠶᠢ ᠬᠡᠷᠡᠭᠯᠡᠵᠦ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠥᠮᠥᠷᠭᠡ ᠠᠴᠠ ᠭᠠᠷᠭᠠᠬᠤ ︽ᠠᠮᠢᠵᠢᠷᠠᠯ ᠤᠨ ᠬᠦᠴᠦᠨ︾ ᠪᠣᠯᠭᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠪᠦᠦ ᠪᠧᠢ ᠾᠧ ᠭᠤᠣᠯ ᠤᠨ ᠱᠢ ᠽᠦᠢ ᠽᠢ ᠤᠰᠤᠨ ᠴᠥᠭᠦᠷᠥᠮ ᠤᠨ ᠬᠤᠷᠠᠭᠰᠠᠨ ᠢ ᠠᠷᠢᠯᠭᠠᠬᠤ ᠲᠥᠷᠥᠯ ᠵᠦᠢᠯ ᠢ ᠬᠡᠷᠡᠭᠵᠢᠭᠦᠯᠵᠦ᠂ ᠤᠰᠤ ᠬᠠᠳᠠᠭᠠᠯᠠᠬᠤ ᠬᠡᠮᠵᠢᠶ᠎ᠡ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠪᠦᠦ ᠪᠧᠢ ᠾᠧ ᠭᠤᠣᠯ ᠤᠨ ᠰᠠᠪᠠ ᠭᠠᠵᠠᠷ ᠤᠨ ᠱᠠᠲᠤ ᠦᠶ᠎ᠡ ᠶᠢᠨ ᠴᠢᠨᠠᠷᠲᠠᠢ ᠤᠰᠤ ᠳᠤᠲᠠᠭᠳᠠᠬᠤ ᠠᠰᠠᠭᠤᠳᠠᠯ ᠢ ᠰᠢᠢᠳᠪᠦᠷᠢᠯᠡᠨ᠎ᠡ︔ ᠡᠭᠦᠨ ᠤ ᠬᠠᠮᠲᠤ ᠯᠠᠭ ᠰᠢᠪᠠᠷ ᠢ ᠴᠡᠪᠡᠷᠯᠡᠵᠦ ᠲᠠᠷᠢᠶᠠᠨ ᠭᠠᠵᠠᠷ ᠭᠠᠷᠭᠠᠬᠤ ᠪᠠᠷ ᠳᠠᠮᠵᠢᠭᠤᠯᠤᠨ᠂ 5000 ᠭᠠᠷᠤᠢ ᠮᠦ ᠭᠤᠸ ᠭᠠᠩᠭ᠎ᠠ᠂ ᠭᠤᠣᠯ ᠤᠨ ᠰᠠᠶᠢᠷᠭᠠᠯ ᠢ ᠰᠠᠶᠢᠨ ᠲᠠᠷᠢᠶᠠᠨ ᠭᠠᠵᠠᠷ ᠪᠣᠯᠭᠠᠨ ᠬᠤᠪᠢᠷᠠᠭᠤᠯᠤᠨ᠎ᠠ᠃      ᠬᠤᠷᠢᠨᠭᠡᠷ ᠰᠢᠶᠠᠨ ᠤ ᠨᠡᠷᠡᠳᠦ ᠠᠵᠤ ᠠᠬᠤᠶᠢᠯᠠᠯ ᠲᠥᠪᠯᠡᠷᠡᠭᠰᠡᠨ ᠢᠳᠡᠭᠡᠨ ᠤ ᠬᠦᠷᠢᠶᠡᠯᠡᠩ ᠲᠣᠭᠤᠷᠢᠭ ᠨᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠲᠣᠪᠣᠶᠢᠮ᠎ᠠ ᠳᠠᠪᠠᠭᠤᠯᠢᠭ ᠲᠠᠢ᠃ ︽ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠠᠢ ᠢᠳᠡᠭᠡᠨ ᠤ ᠠᠵᠤ ᠠᠬᠤᠶᠢᠯᠠᠯ ᠢ 70 ᠭᠠᠷᠤᠢ ᠪᠣᠶᠢᠵᠢᠭᠤᠯᠤᠨ ᠣᠷᠣᠭᠤᠯᠵᠤ᠂ 2023 ᠣᠨ ᠳᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ᠤ ᠬᠤᠲᠠ ᠶᠢᠨ ᠵᠥᠪᠰᠢᠶᠡᠷᠡᠯ ᠢ ᠣᠯᠵᠤ᠂ ᠣᠳᠣ ᠶᠠᠭ ᠣᠷᠣᠨ ᠤ ᠲᠥᠪ ᠤᠨ ᠮᠢᠩᠭᠠᠨ ᠳ᠋ᠦᠩᠰᠢᠭᠤᠷ ᠤᠨ ᠳᠡᠰ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠰᠦ᠂ ᠮᠢᠬ᠎ᠠ᠂ ᠡᠪᠡᠰᠦ᠂ ᠨᠣᠭᠤᠭ᠎ᠠ᠂ ᠡᠭᠦᠯᠳᠡᠷ ᠤᠨ ᠢᠷᠡᠯᠲᠡ ᠵᠡᠷᠭᠡ ᠠᠵᠤ ᠦᠢᠯᠡᠰ ᠤᠨ ᠲᠣᠭᠤᠷᠢᠨ ᠳᠤ᠂ ᠡᠨᠡ ᠵᠢᠯ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ᠂ ᠵᠧᠩ ᠳ᠋ᠡ 300 ᠲᠦᠮᠡᠨ ᠭᠠᠭ᠋ᠠᠢ ᠶᠢᠨ ᠪᠥᠬᠦ ᠠᠵᠤ ᠦᠢᠯᠡᠰ ᠤᠨ ᠬᠡᠯᠬᠢᠶ᠎ᠡ᠂ ᠬᠤᠩ ᠹᠦ᠋ ᠳᠡᠭᠡᠳᠦ ᠲᠠᠰ ᠤᠨ ᠲᠥᠬᠦᠭᠡᠷᠦᠮᠵᠢ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠥᠷᠥᠯ ᠤᠨ 32 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠪᠠᠰᠠ ᠶᠠᠭ ᠤᠷᠢᠳᠴᠢᠯᠠᠨ ᠬᠢᠭᠰᠡᠨ ᠨᠣᠭᠤᠭ᠎ᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ︿ᠬᠤᠷᠢᠨᠭᠡᠷ ᠤᠨ ᠮᠧᠩ ᠰᠢᠶᠠᠨ﹀ ᠭᠡᠬᠦ ᠡᠨᠡ ᠬᠦ ᠨᠡᠷ᠎ᠡ ᠶᠢᠨ ᠬᠠᠭᠤᠳᠠᠰᠤ ᠶᠢ ᠨᠠᠩ ᠠᠯᠳᠠᠷᠰᠢᠭᠤᠯᠤᠨ᠎ᠠ︾ ᠭᠡᠵᠡᠢ᠃      ᠭᠤᠸ ᠹᠧᠩ ᠬᠡᠯᠡᠬᠦ ᠳᠡᠭᠡᠨ᠂ ᠬᠤᠷᠢᠨᠭᠡᠷ ᠰᠢᠶᠠᠨ ᠳᠤ ᠪᠠᠰᠠ ᠬᠢᠵᠠᠭᠠᠯᠠᠰᠢ ᠦᠭᠡᠢ ᠥᠩᠭᠡ ᠦᠵᠡᠮᠵᠢ ᠲᠠᠢ ᠴᠡᠪᠡᠷ ᠡᠨᠧᠷᠭᠢ ᠶᠢᠨ ᠰᠤᠷᠪᠤᠯᠵᠢ ᠪᠠᠶᠢᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠬᠢᠵᠠᠭᠠᠯᠠᠰᠢ ᠦᠭᠡᠢ ᠳᠠᠯᠳᠠ ᠬᠦᠴᠦᠨ ᠲᠠᠢ ᠪᠠᠶᠢᠳᠠᠭ᠃ ᠬᠤᠷᠢᠨᠭᠡᠷ ᠰᠢᠶᠠᠨ ᠤ ᠬᠢᠨ 2024 ᠣᠨ ᠤ ᠣᠷᠣᠨ ᠤ ᠲᠥᠪ ᠤᠨ ᠠᠷᠢᠭᠤᠨ ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠯᠡᠯ ᠤᠨ 700 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠤᠨ ᠬᠠᠷᠠᠯᠲᠠ ᠶᠢ ᠪᠡᠶᠡᠯᠡᠭᠦᠯᠵᠦ᠂ ᠨᠢᠭᠡ ᠲᠠᠯ᠎ᠠ ᠪᠠᠷ ᠦᠷᠭᠦᠯᠵᠢᠯᠡᠨ ᠪᠠᠶᠢᠭᠤᠯᠬᠤ ᠳ᠋ᠠ ᠲᠠᠩ᠂ ᠭᠦᠸᠧ ᠲᠢᠶᠠᠨ 2 ᠰᠢᠨ᠎ᠡ ᠡᠨᠧᠷᠭᠢ ᠶᠢᠨ ᠲᠦᠷᠦᠯ ᠵᠦᠢᠯ ᠪᠣᠯᠣᠨ ᠰᠢᠨ᠎ᠡ ᠪᠠᠷ ᠪᠠᠶᠢᠭᠤᠯᠬᠤ ᠪᠠ ᠤᠢ ᠰᠢᠭᠤᠢ ᠶᠢᠨ ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷ ᠤᠨ ᠥᠭᠡᠷᠡᠴᠢᠯᠡᠯᠲᠡ᠂ ᠵᠦᠩ ᠬᠤᠸᠠᠨ ᠠᠵᠤ ᠦᠢᠯᠡᠰ ᠤᠨ ᠬᠤᠳᠠ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠪᠠ ᠰᠢᠨ᠎ᠡ ᠲᠣᠭᠤᠷᠢᠭ ᠤᠨ ᠳ᠋ᠠᠶᠢᠲ᠋ᠠ ᠶᠢᠨ ᠲᠥᠪ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ 3 ᠲᠦᠷᠦᠯ ᠵᠦᠢᠯ ᠢ ᠰᠠᠶᠢᠲᠤᠷ ᠠᠳᠬᠤᠵᠤ᠂ ᠪᠦᠬᠦ ᠬᠡᠮᠵᠢᠶ᠎ᠡ ᠪᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢ 260 ᠲᠦᠮᠡᠨ ᠺᠢᠯᠣᠸᠠᠲ ᠲᠤ ᠬᠦᠷᠭᠡᠵᠦ᠂ ᠴᠠᠬᠢᠯᠭᠠᠨ ᠭᠠᠷᠭᠠᠬᠤ ᠶᠡᠷᠦᠩᠬᠡᠢ ᠮᠠᠰᠢᠨ ᠴᠣᠭᠴᠠᠯᠠᠪᠤᠷᠢ ᠶᠢᠨ 55% ᠠᠴᠠ ᠳᠡᠭᠡᠭᠰᠢ ᠶᠢ ᠡᠵᠡᠯᠡᠨ᠎ᠡ᠃ ᠨᠥᠭᠦᠭᠡ ᠲᠠᠯ᠎ᠠ ᠪᠠᠷ ᠦᠷᠭᠦᠯᠵᠢᠯᠡᠨ ᠪᠠᠶᠢᠭᠤᠯᠬᠤ ᠲᠢᠶᠠᠨ ᠬᠤᠸᠠᠩ ᠤᠨ ᠨᠢᠭᠡᠳᠦᠭᠡᠷ ᠬᠤᠭᠤᠴᠠᠭᠠᠨ ᠤ 12 ᠲᠦᠮᠡᠨ ᠲᠣᠨ ᠰᠢᠯ ᠰᠢᠷᠬᠡᠭ᠂ ᠬᠤᠶᠠᠳᠤᠭᠠᠷ ᠬᠤᠭᠤᠴᠠᠭᠠᠨ ᠤ 23 ᠲᠦᠮᠡᠨ ᠲᠣᠨ ᠰᠢᠯ ᠰᠢᠷᠬᠡᠭ ᠤᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠰᠠᠶᠢᠲᠤᠷ ᠠᠳᠬᠤᠨ᠎ᠠ᠃      ︽ᠡᠭᠦᠨ ᠤ ᠵᠡᠷᠭᠡ ᠳᠤ ᠪᠢᠳᠡ ᠣᠳᠣ ᠶᠠᠭ ᠣᠷᠣᠨ ᠤ ᠲᠥᠪ ᠲᠠᠢ ᠬᠠᠮᠲᠤ ᠪᠠᠷ ᠪᠦᠬᠦ ᠰᠢᠶᠠᠨ ᠤ ᠬᠦᠴᠦᠨ ᠢ ᠳᠠᠶᠢᠴᠢᠯᠠᠨ᠂ ᠪᠦᠬᠦ ᠠᠷᠠᠳ ᠤᠨ ᠣᠶᠤᠨ ᠤᠬᠠᠭᠠᠨ ᠢ ᠲᠥᠪᠯᠡᠷᠡᠭᠦᠯᠵᠦ᠂ ᠪᠦᠬᠦ ᠤᠯᠤᠰ ᠤᠨ ᠪᠣᠯᠪᠠᠰᠤᠨ ᠬᠤᠲᠠ  ᠶᠢᠨ ᠡᠨᠡᠬᠦ ︿ᠠᠯᠲᠠᠨ ᠦᠰᠦᠭᠲᠦ ᠫᠠᠶᠢᠰᠠ﹀ ᠶᠢ ᠲᠡᠮᠡᠴᠡᠨ ᠣᠯᠬᠤ ᠪᠠᠷ ᠴᠢᠷᠮᠠᠶᠢᠵᠤ ᠪᠠᠶᠢᠨ᠎ᠠ︾ ᠭᠡᠵᠦ ᠭᠤᠤ ᠹᠧᠩ ᠬᠡᠯᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号