2023 ᠣᠨ ᠳᠤ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠦᠴᠦᠨ ᠢᠶᠠᠨ ᠲᠥᠪᠯᠡᠷᠡᠭᠦᠯᠦᠨ ︽ᠤᠷ᠎ᠠ ᠮᠡᠷᠭᠡᠵᠢᠯ ᠤᠨ ᠴᠢᠳᠠᠪᠤᠷᠢᠲᠠᠨ ᠢ | ᠲᠠᠲᠠᠵᠤ ᠶᠠᠰᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠠᠷᠢᠶᠠᠯᠠᠩ ᠮᠠᠯ ᠠᠵᠤ | ᠠᠬᠤᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠴᠢᠳᠠᠪᠤᠷᠢᠲᠠᠨ ᠢ | ︽ᠲᠠᠲᠠᠬᠤ᠂ ᠬᠥᠮᠥᠵᠢᠭᠦᠯᠬᠦ᠂ ᠦᠯᠡᠳᠡᠭᠡᠬᠦ᠂ ᠬᠡᠷᠡᠭᠯᠡᠬᠦ︾ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃ | ᠮᠠᠨ ᠤ ᠣᠷᠣᠨ ︽ᠲᠠᠪᠤᠨ ᠶᠡᠭᠡ ᠡᠭᠦᠷᠭᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯᠳᠠᠯᠭ᠎ᠠ | ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠴᠢᠳᠠᠪᠤᠷᠢᠲᠠᠨ ᠤ ᠬᠡᠯᠬᠢᠶ᠎ᠡ ᠶᠢᠨ | ᠲᠣᠭᠤᠷᠢᠨ ᠳᠤ᠂︽2023 ᠣᠨ ᠤ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠰᠡᠬᠦ ᠲᠤᠲᠠᠭᠳᠠᠵᠤ ᠪᠠᠶᠢᠭ᠎ᠠ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠢ ᠨᠠᠶᠢᠷᠠᠭᠤᠯᠤᠨ ᠨᠡᠶᠢᠲᠡᠯᠡᠵᠦ᠂ ᠵᠢᠭᠠᠨ ᠰᠤᠷᠭᠠᠯᠲᠠ᠂ | ᠬᠠᠮᠢᠶᠠᠷᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠬᠦᠷᠢᠶ᠎ᠡ ᠴᠠᠷᠠᠭᠠᠨ ᠳᠠᠬᠢ 1036 ᠠᠵᠢᠯ ᠤᠨ ᠪᠠᠶᠢᠷᠢ᠂ | 3302 ᠬᠥᠮᠥᠨ ᠬᠡᠷᠡᠭᠯᠡᠬᠦ ᠬᠡᠷᠡᠭᠴᠡᠭᠡ ᠶᠢ ᠪᠠᠭᠲᠠᠭᠠᠪᠠ᠃ ︽ᠭᠠᠳᠠᠭᠰᠢ ᠭᠠᠷᠴᠤ︾ ᠴᠢᠳᠠᠪᠤᠷᠢᠲᠠᠨ ᠤᠷᠢᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ | ᠵᠣᠬᠢᠶᠠᠨ ᠪᠠᠶᠢᠭᠤᠯᠤᠨ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ | ᠵᠡᠷᠭᠡ ︽ᠬᠤᠣᠰ ᠲᠡᠷᠢᠭᠦᠨ ᠵᠡᠷᠭᠡ ᠶᠢᠨ︾ ᠶᠡᠭᠡ ᠳᠡᠭᠡᠳᠦ ᠰᠤᠷᠭᠠᠭᠤᠯᠢ ᠳᠤ ᠬᠦᠷᠴᠦ᠂ ︽ᠴᠢᠳᠠᠪᠤᠷᠢᠲᠠᠨ ᠢ | ᠥᠷᠭᠡᠨ ᠢᠶᠠᠷ ᠤᠷᠢᠨ ᠣᠶᠤᠨ ᠤᠬᠠᠭᠠᠨ ᠢ ᠲᠠᠯ᠎ᠠ ᠨᠤᠲᠤᠭ ᠲᠤ ᠴᠤᠭᠯᠠᠷᠠᠭᠤᠯᠬᠤ︾ ᠴᠢᠳᠠᠪᠤᠷᠢᠲᠠᠨ ᠢ ᠤᠷᠢᠬᠤ | ᠠᠵᠢᠯᠯᠠᠭ᠎ᠠ ᠶᠢ ᠡᠷᠭᠢᠯᠡᠵᠦ᠂ ᠨᠡᠶᠢᠲᠡ 2840 ᠬᠥᠮᠥᠨ ᠤᠳᠠᠭ᠎ᠠ ᠶᠢᠨ ᠰᠠᠨᠠᠮᠵᠢ ᠲᠣᠭᠲᠠᠵᠤ᠂ 269 ᠬᠥᠮᠥᠨ ᠲᠠᠢ | ᠵᠢᠩᠬᠢᠨᠢ ᠪᠠᠷ ᠵᠥᠪᠯᠡᠯᠴᠡᠭᠡᠷ ᠲᠣᠭᠲᠠᠪᠠ᠃ ᠪᠦᠭᠦ ᠵᠢᠯ ᠳᠤ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ 12 ᠪᠦᠯᠦᠭ ᠤᠳᠠᠭ᠎ᠠ | ᠬᠥᠳᠡᠯᠦᠩᠭᠦᠢ ᠪᠠᠷ ᠨᠡᠶᠢᠲᠡᠯᠡᠵᠦ᠂︽ᠰᠠᠭᠠᠳ ᠦᠭᠡᠢ ᠨᠡᠪᠲᠡᠷᠡᠬᠦ ᠵᠠᠮ︾ ᠢᠶᠠᠷ ᠳᠠᠮᠵᠢᠭᠤᠯᠤᠨ ᠳ᠋ᠣᠺᠲ᠋ᠣᠷ ᠠᠴᠠ | ᠳᠡᠭᠡᠭᠰᠢᠬᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠨᠢ 2022 ᠣᠨ ᠤ | ᠬᠢ ᠠᠴᠠ 120 ᠬᠥᠮᠥᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 22.8% ᠳᠤ ᠬᠦᠷᠴᠦ᠂ ᠨᠡᠶᠢᠳᠡ 469 | ᠬᠥᠮᠥᠨ ᠳᠤ ᠬᠦᠷᠴᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠳᠠᠳᠠᠨ ᠠᠪᠴᠢᠷᠠᠭᠰᠠᠨ ᠲᠤᠭ᠎ᠠ ᠪᠠᠷ | ᠬᠠᠮᠤᠭ ᠤᠨ ᠣᠯᠠᠨ ᠨᠢᠭᠡ ᠵᠢᠯ ᠪᠣᠯᠵᠠᠢ᠃ | ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠬᠢᠭᠦᠯᠦᠨ ᠵᠣᠷᠢᠭᠵᠢᠭᠤᠯᠬᠤ ᠲᠠᠯ᠎ᠠ ᠪᠠᠷ᠂ 2022 ᠣᠨ ᠤ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠨᠴᠠᠭᠠᠶ ᠨᠡᠮᠡᠭᠦᠷᠢ ᠶᠢᠨ ᠲᠤᠰᠬᠠᠢ ᠮᠡᠷᠭᠡᠵᠢᠯᠲᠡᠨ ᠢ ᠰᠢᠯᠭᠠᠷᠠᠭᠤᠯᠤᠨ | ᠲᠠᠨᠢᠯᠴᠠᠭᠤᠯᠬᠤ ᠠᠵᠢᠯ ᠢ ᠪᠡᠶᠡᠯᠡᠭᠦᠯᠵᠦ᠂ ᠲᠠᠨᠢᠯᠴᠠᠭᠤᠯᠬᠤ ᠪᠠᠷ ᠪᠠᠶᠢᠭ᠎ᠠ 53 ᠵᠢᠱᠢᠭᠳᠡᠭᠴᠢ ᠶᠢ ᠰᠢᠯᠭᠠᠷᠠᠭᠤᠯᠤᠨ | ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠨᠠᠨ | ᠲᠣᠭᠲᠠᠭᠠᠭᠰᠠᠨ ᠤ ᠳᠠᠷᠠᠭ᠎ᠠ ᠣᠳᠣᠬᠠᠨ ᠳᠤ ᠨᠢᠭᠡᠨᠲᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ᠳᠤ ᠮᠡᠳᠡᠭᠦᠯᠪᠡ᠃ 2023 ᠣᠨ ᠤ ᠥᠪᠡᠷᠲᠡᠭᠡᠨ ᠵᠠᠰᠠᠬᠤ ᠣᠷᠣᠨ ᠤ ᠭᠠᠷᠮᠠᠭᠠᠢ | ᠴᠢᠳᠠᠪᠤᠷᠢᠲᠠᠨ ᠤ ᠱᠠᠩᠨᠠᠯ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰ ᠱᠠᠩᠨᠠᠯ ᠳᠤ | ᠭᠠᠷᠮᠠᠭᠠᠢ ᠴᠢᠳᠠᠪᠤᠷᠢᠲᠠᠨ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ᠂ ᠰᠢᠨ᠎ᠡ ᠶᠢ | ᠡᠭᠦᠳᠦᠭᠰᠡᠨ ᠵᠠᠯᠠᠭᠤ ᠴᠢᠳᠠᠪᠤᠷᠢᠲᠠᠨ ᠵᠡᠷᠭᠡ 3 ᠬᠤᠪᠢᠶᠠᠷᠢ ᠲᠥᠷᠥᠯ ᠢ ᠲᠣᠬᠢᠷᠠᠭᠤᠯᠵᠤ᠂ ᠨᠡᠶᠢᠲᠡ 210 ᠬᠥᠮᠥᠨ ᠢ | ᠰᠢᠯᠭᠠᠷᠠᠭᠤᠯᠤᠨ ᠬᠥᠬᠢᠭᠦᠯᠵᠦ᠂ ᠪᠠᠰᠠ ᠤᠷ᠎ᠠ ᠮᠡᠷᠭᠡᠵᠢᠯ ᠤᠨ ᠴᠢᠳᠠᠪᠤᠷᠢᠲᠠᠨ ᠤ ᠱᠠᠩᠨᠠᠯ ᠰᠢᠯᠭᠠᠷᠠᠭᠤᠯᠬᠤ ᠠᠵᠢᠯ ᠢ | ᠠᠩᠬ᠎ᠠ ᠤᠳᠠᠭ᠎ᠠ ᠥᠷᠨᠢᠭᠦᠯᠪᠡ᠃ | |