ᠭᠦᠭᠡᠬᠤᠲᠠ ᠶᠢᠨ ᠰᠢᠨ᠎ᠡ ᠣᠨ ᠢ ᠤᠭᠲᠤᠬᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠤᠯᠠᠷᠢᠯ  ᠤᠨ ᠠᠵᠢᠯᠯᠠᠭ᠎ᠠ ᠬᠥᠭᠵᠢᠶᠡᠨᠲᠡᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2024/1/23
     ︽ᠵᠤᠭ᠎ᠠ ᠴᠡᠩᠭᠡᠯᠲᠦ ᠬᠡᠷᠡᠭᠯᠡᠭᠡ·ᠭᠦᠭᠡᠬᠤᠲᠠ ᠶᠢᠨ 2024 ᠣᠨ ᠤ ᠰᠢᠨ᠎ᠡ ᠣᠨ ᠢᠶᠠᠨ ᠤᠭᠲᠤᠬᠤ ᠠᠷᠠᠳ  ᠲᠤ ᠠᠰᠢᠭ ᠬᠦᠷᠲᠡᠭᠡᠬᠦ ᠬᠡᠷᠡᠭᠯᠡᠭᠡᠨ ᠤ ᠤᠯᠠᠷᠢᠯ︾ ᠤᠨ ᠠᠵᠢᠯᠯᠠᠭ᠎ᠠ 2023ᠣᠨ ᠪ᠊ 12 ᠰᠠᠷ᠎ᠠ ᠶᠢᠨ 22 ᠤᠨ ᠡᠳᠦᠷ ᠡᠬᠢᠯᠡᠵᠦ᠂ ᠪᠦᠭᠦ ᠬᠤᠲᠠ ᠶᠢᠨ ᠠᠷᠠᠳ ᠤᠨ ᠥᠯᠵᠡᠢ ᠪᠡᠯᠭᠡ ᠲᠠᠢ ᠰᠢᠨ᠎ᠡ ᠵᠢᠯ ᠴᠠᠭᠠᠨ ᠰᠠᠷ᠎ᠠ ᠪᠠᠨ ᠪᠠᠶᠠᠷ ᠭᠦᠷ ᠲᠠᠢ ᠥᠩᠭᠡᠷᠡᠭᠦᠯᠬᠦ ᠳᠤ ᠵᠣᠷᠢᠭᠤᠯᠤᠨ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ 8 ᠭᠤᠣᠯ ᠰᠡᠳᠦᠪᠲᠦ ᠠᠵᠢᠯᠯᠠᠭ᠎ᠠ ᠪᠠ ᠤᠯᠠᠨ ᠲᠠᠯᠠᠪᠤᠷ ᠭᠠᠵᠠᠷ ᠣᠷᠣᠨ ᠤ ᠣᠨᠴᠠᠯᠢᠭᠲᠤ ᠠᠵᠢᠯᠯᠠᠭ᠎ᠠ ᠥᠷᠨᠢᠭᠦᠯᠬᠦ  ᠪᠠᠷ ᠪᠠᠶᠢᠨ᠎ᠠ᠃      ᠣᠶᠢᠯᠠᠭᠠᠭᠰᠠᠨ ᠢᠶᠠᠷ᠂ ᠭᠦᠭᠡᠬᠤᠳᠠ 2023 ᠣᠨ ᠤ 12 ᠰᠠᠷ᠎ᠠ ᠶᠢᠨ 23 ᠠᠴᠠ 2024 ᠣᠨ ᠤ 2 ᠰᠠᠷ᠎ᠠ ᠶᠢᠨ 24 ᠤ ᠡᠳᠦᠷ ᠪᠤᠯᠳᠠᠯ᠎ᠠ᠂ ᠵᠠᠰᠠᠭ ᠤᠨ ᠣᠷᠳᠣᠨ᠂ ᠬᠤᠳᠠᠯᠳᠤᠭᠠᠴᠢᠨ᠂ ᠪᠠᠩᠬᠢ ᠬᠠᠮᠲᠤᠷᠠᠨ ᠪᠡᠯᠡ ᠮᠥᠩᠭᠦ ᠭᠠᠷᠭᠠᠨ ᠰᠢᠨ᠎ᠡ ᠣᠨ᠂ ᠴᠠᠭᠠᠨ ᠰᠠᠷ᠎ᠠ᠂ ᠥᠯᠵᠡᠶᠢᠲᠦ ᠪᠠᠶᠠᠷ ᠵᠡᠷᠭᠡ ᠪᠠᠶᠠᠷ ᠤᠨ ᠡᠳᠦᠷ ᠢᠶᠠᠷ ᠵᠠᠩᠭᠢᠯᠠᠭ᠎ᠠ ᠪᠤᠯᠭᠠᠵᠤ᠂ ᠭᠤᠣᠯᠳᠠᠭᠤ ᠪᠦᠷᠢᠨ ᠪᠠᠷᠠᠭ᠎ᠠ᠂ ᠢᠳᠡᠭᠡᠨ ᠤᠮᠳᠠᠭᠠᠨ ᠪᠠ ᠭᠡᠷ ᠤᠨ ᠴᠠᠭᠢᠯᠭᠠᠨ ᠬᠡᠷᠡᠭᠰᠡᠯ ᠵᠡᠷᠭᠡ ᠬᠡᠷᠡᠭᠯᠡᠭᠡᠨ ᠤ ᠬᠦᠷᠢᠶᠡᠨ ᠳᠤ 3 ᠡᠭᠡᠯᠵᠢ ᠶᠢᠨ ᠬᠡᠷᠡᠭᠯᠡᠭᠡᠨ ᠤ ᠲᠡᠮᠳᠡᠭᠲᠦ ᠲᠠᠷᠬᠠᠭᠠᠨ᠎ᠠ᠃ 2023 ᠣᠨ ᠤ 12 ᠰᠠᠷ᠎ᠠ ᠶᠢᠨ 22  ᠠᠴᠠ 2024 ᠣᠨ ᠤ 2 ᠰᠠᠷ᠎ᠠ ᠶᠢᠨ 29 ᠪᠤᠯᠳᠠᠯ᠎ᠠ᠂ ︽ᠤᠮᠠᠷᠠᠲᠤ ᠬᠢᠯᠢ ᠶᠢᠨ ᠦᠳᠡᠰᠢ ᠶᠢᠨ ᠭᠢᠯᠪᠠᠭ᠎ᠠ·ᠰᠢᠨᠬᠤᠸᠠ ᠠᠭᠤᠳᠠᠮ ᠲᠠᠯᠠᠪᠠᠶ ᠳᠤ ᠰᠢᠨ᠎ᠡ ᠣᠨ ᠢᠶᠠᠨ ᠤᠭᠲᠤᠬᠤ︾ ᠭᠤᠣᠯ ᠰᠡᠳᠦᠪᠲᠦ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ᠂ ︽ᠰᠡᠳᠬᠢᠯ ᠳᠣᠬᠳᠣᠯᠤᠭᠤᠯᠤᠬᠰᠠᠨ ᠭᠦᠭᠡᠬᠤᠲᠠ·ᠴᠤᠤᠷᠢᠶ᠎ᠠ ᠲᠠᠪᠴᠠᠩ ᠤᠨ ᠰᠢᠷᠢᠰ ᠠᠵᠢᠯᠯᠠᠭ᠎ᠠ︾᠂ ︽2024·ᠥᠪᠥᠷ ᠮᠣᠩᠭᠤᠯ ᠤᠨ ᠬᠤᠨᠢᠨ ᠮᠢᠬ᠎ᠠ ᠶᠢᠨ ᠬᠤᠳᠠᠯᠳᠤᠭ᠎ᠠ︾᠂ ︽2024·ᠵᠠᠭᠤᠨ ᠠᠵᠤ ᠠᠬᠤᠶᠢᠯᠠᠯ ᠮᠢᠩᠭᠠᠨ ᠳᠡᠯᠭᠡᠭᠦᠷ ᠲᠣᠮᠣ ᠬᠡᠪᠴᠢᠶᠡᠨ ᠤ ᠪᠣᠷᠤᠯᠠᠭᠤᠯᠭ᠎ᠠ ᠬᠢᠬᠦ︾᠂ ︽2024·ᠰᠦᠯᠵᠢᠶᠡᠨ ᠳᠠᠬᠢ ᠭᠦᠭᠡᠬᠤᠲᠠ ᠶᠢᠨ ᠰᠢᠨ᠎ᠡ ᠶᠢᠨ ᠪᠠᠷᠠᠭ᠎ᠠ︾᠂ ︽ᠳᠣᠯᠣᠳᠤᠭᠠᠷ ᠬᠤᠭᠤᠴᠠᠭᠠᠨ ᠤ ᠭᠦᠭᠡᠬᠤᠲᠠ ᠶᠢᠨ ᠰᠢᠨ᠎ᠡ ᠶᠢᠨ ᠪᠠᠷᠠᠭ᠎ᠠ ᠶᠢᠨ ᠦᠵᠡᠰᠭᠦᠯᠡᠩ︾᠂ ︽2024·ᠭᠦᠭᠡᠬᠤᠲᠠ ᠶᠢᠨ ᠴᠠᠭᠠᠨ ᠰᠠᠷ᠎ᠠ ᠶᠢᠨ ᠠᠮᠲᠠᠲᠤ ᠢᠳᠡᠭᠡ︾᠂ ︽ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢᠨ ᠪᠠᠷᠠᠭ᠎ᠠ︾ ᠵᠡᠷᠭᠡ ᠶᠡᠭᠡ 8 ᠠᠵᠢᠯᠯᠠᠭ᠎ᠠ ᠶᠠᠪᠤᠭᠳᠠᠭᠤᠯᠬᠤ ᠪᠣᠯᠣᠨ᠎ᠠ᠃      ᠭᠦᠭᠡᠬᠤᠳᠠ ᠶᠢᠨ ᠡᠯ᠎ᠡ ᠬᠤᠰᠢᠭᠤ ᠰᠢᠶᠠᠨ ᠲᠣᠭᠤᠷᠢᠭ ᠨᠢ ᠰᠢᠨ᠎ᠡ ᠣᠨ᠂ ᠴᠠᠭᠠᠨ ᠰᠠᠷ᠎ᠠ ᠪᠠ ᠥᠯᠵᠡᠶᠢᠲᠦ ᠪᠠᠶᠠᠷ ᠤᠨ ᠬᠤᠭᠤᠴᠠᠭᠠᠨ ᠳᠤ ᠬᠤᠳᠠᠯᠳᠤᠭᠠᠨ ᠤ ᠲᠣᠭᠤᠷᠢᠭ᠂ ᠣᠨᠴᠠᠯᠢᠭᠲᠤ ᠵᠡᠭᠡᠯᠢ ᠲᠣᠭᠤᠷᠢᠭ᠂ ᠦᠵᠡᠮᠵᠢ ᠶᠢᠨ ᠣᠷᠣᠨ᠂ ᠰᠣᠶᠣᠯ ᠲᠠᠮᠢᠷ ᠵᠤᠭ᠎ᠠ ᠴᠡᠩᠭᠡᠯ᠂ ᠰᠦᠯᠵᠢᠶᠡᠨ ᠤ ᠬᠠᠯᠠᠮᠰᠢᠯ ᠭᠠᠵᠠᠷ ᠲᠤ ᠰᠣᠶᠣᠯ ᠵᠢᠭᠤᠯᠴᠢᠯᠠᠯ ᠪᠠ ᠬᠤᠳᠠᠯᠳᠤᠭᠠᠨ ᠤ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠨᠴᠠᠯᠢᠭᠲᠤ ᠬᠤᠳᠠᠯᠳᠤᠭᠠᠨ ᠤ ᠲᠣᠭᠤᠷᠢᠭ᠂ ᠣᠨᠴᠠᠯᠢᠭᠲᠤ ᠵᠡᠭᠡᠯᠢ᠂ ᠦᠳᠡᠰᠢ ᠶᠢᠨ ᠵᠢᠭᠤᠯᠴᠢᠯᠠᠯ᠂ ᠴᠠᠭ ᠤᠨ ᠥᠩᠭᠡᠲᠦ ᠴᠡᠩᠭᠡᠬᠦᠨ᠂ ᠮᠥᠰᠥ ᠴᠠᠰᠤᠨ ᠤ ᠬᠥᠳᠡᠯᠭᠡᠭᠡᠨ ᠵᠡᠷᠭᠡ ᠣᠯᠠᠨ ᠡᠰᠢᠵᠢᠭᠰᠡᠨ ᠭᠠᠵᠠᠷ ᠣᠷᠣᠨ ᠤ ᠣᠨᠴᠠᠯᠢᠭᠲᠤ ᠰᠢᠷᠢᠰ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠳᠤ ᠢᠳᠡᠭᠡᠨ ᠤᠮᠳᠠᠭᠠᠨ ᠨᠠᠭᠠᠳᠤᠮ ᠴᠡᠩᠭᠡᠬᠦᠨ ᠤ ᠦᠪᠡᠳᠡᠭᠰᠢ ᠨᠠᠶᠢᠷ ᠢ ᠡᠳ᠋ᠯᠡᠭᠦᠯᠭᠦ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号