︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ ᠢᠦᠢ ᠹᠧᠩ︶ ᠰᠠᠶᠢᠬᠠᠨ ᠪᠣᠭᠤᠮᠲᠠ ᠶᠢᠨ | ᠪᠦᠷᠢᠳᠬᠡᠯ ᠢ ᠦᠨᠳᠦᠰᠦᠯᠡᠪᠡᠯ᠂ 2023 ᠣᠨ ᠤ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ 194.4 ᠳ᠋ᠦᠩᠰᠢᠭᠤᠷ ᠲᠥᠭᠦᠷᠢᠭ ᠠᠷᠠᠳ ᠤᠨ | ᠵᠣᠭᠤᠰ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ᠂ ᠡᠭᠦᠨ ᠳᠤ ᠭᠠᠳᠠᠭᠠᠳᠤ ᠳᠤ | ᠭᠠᠷᠭᠠᠭᠰᠠᠨ ᠦᠷᠳᠡᠭ 118.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 26. | 6% ᠢᠶᠠᠷ ᠨᠡᠮᠡᠭᠳᠡᠵᠡᠢ︔ ᠭᠠᠳᠠᠭᠠᠳᠤ ᠠᠴᠠ ᠣᠷᠣᠭᠤᠯᠤᠭᠰᠠᠨ ᠥᠷᠲᠡᠭ 76.3 ᠳ᠋ᠦᠩᠰᠢᠭᠤᠷ ᠲᠥᠭᠦᠷᠢᠭ ᠬᠦᠷᠴᠦ | ᠂ ᠠᠳᠠᠯᠢ ᠬᠤᠭᠤᠴᠠᠭᠠᠨ ᠤ ᠬᠢ ᠠᠴᠠ 14.9% ᠪᠠᠷ ᠪᠠᠭᠤᠷᠠᠪᠠ᠃ 2023 ᠣᠨ ᠤ 12 ᠳ᠋ᠤᠭᠠᠷ ᠰᠠᠷ᠎ᠠ ᠳᠤ | ᠭᠠᠭᠴᠠ ᠰᠠᠷ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠦᠷᠳᠡᠭ 39.2 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 186% ᠪᠠ 154.4% | ᠨᠡᠮᠡᠭᠳᠡᠵᠡᠢ᠃ 2019 ᠣᠨ ᠠᠴᠠ ᠨᠠᠭᠠᠰᠢ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠲᠠᠪᠤᠨ ᠵᠢᠯ ᠳᠠᠷᠠᠭᠠᠯᠠᠨ ᠨᠡᠮᠡᠭᠳᠡᠵᠦ᠂ | ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃ | ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠬᠥᠬᠡᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠦᠷᠳᠡᠭ ᠦᠷᠭᠦᠯᠵᠢᠯᠡᠨ ᠲᠦᠷᠭᠡᠨ | ᠨᠡᠮᠡᠭᠳᠡᠬᠦ ᠬᠠᠨᠳᠤᠰᠢ ᠲᠠᠢ ᠪᠠᠶᠢᠨ᠎ᠠ᠃ 2023 ᠣᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠦᠷᠳᠡᠭ 123.9 ᠳ᠋ᠦᠩᠰᠢᠭᠤᠷ ᠲᠥᠭᠦᠷᠢᠭ ᠬᠦᠷᠴᠦ | ᠂ ᠠᠳᠠᠯᠢ ᠬᠤᠭᠤᠴᠠᠭᠠᠨ ᠤ ᠬᠢ ᠠᠴᠠ 24.7% ᠨᠡᠮᠡᠭᠳᠡᠵᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠤᠨ 63.7% ᠶᠢ ᠡᠵᠡᠯᠡᠪᠡ᠃ ᠭᠠᠳᠠᠭᠠᠳᠤ ᠠᠴᠠ ᠣᠷᠣᠭᠤᠯᠬᠤ | ᠪᠠ ᠭᠠᠳᠠᠭᠠᠳᠤ ᠳᠤ ᠭᠠᠷᠭᠠᠭᠰᠠᠨ ᠲᠠᠸᠠᠷ ᠠᠴᠠ ᠠᠪᠴᠤ ᠦᠵᠡᠪᠡᠯ᠂ ᠭᠠᠳᠠᠭᠠᠳᠤ ᠠᠴᠠ ᠣᠷᠣᠭᠤᠯᠬᠤ ᠨᠢ | ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯ ᠪᠣᠯᠭᠠᠵᠤ᠂ ᠭᠠᠳᠠᠭᠠᠳᠤ ᠠᠴᠠ ᠣᠷᠣᠭᠤᠯᠤᠭᠰᠠᠨ ᠦᠷᠳᠡᠭ ᠨᠢ 40. | 3 ᠳ᠋ᠦᠩᠰᠢᠭᠤᠷ ᠲᠥᠭᠦᠷᠢᠭ ᠬᠦᠷᠴᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠤᠭᠰᠠᠨ ᠦᠷᠳᠡᠭ ᠤᠨ 52. | 8% ᠶᠢ ᠡᠵᠡᠯᠡᠪᠡ︔ ᠭᠠᠳᠠᠭᠠᠳᠤ ᠳᠤ ᠭᠠᠷᠭᠠᠭᠰᠠᠨ ᠳᠤ ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ ᠰᠢᠨ᠎ᠡ | ᠮᠡᠷᠭᠡᠵᠢᠯ ᠤᠨ ᠦᠢᠯᠡᠳᠬᠦᠨ ᠢᠶᠠᠷ ᠭᠤᠣᠯ ᠪᠣᠯᠭᠠᠵᠤ᠂ ᠡᠨᠡ ᠬᠤᠶᠠᠷ ᠤᠨ ᠭᠠᠳᠠᠭᠠᠳᠤ ᠳᠤ ᠭᠠᠷᠭᠠᠭᠰᠠᠨ ᠦᠷᠳᠡᠭ | ᠨᠡᠶᠢᠳᠡ 41.6 ᠳ᠋ᠦᠩᠰᠢᠭᠤᠷ ᠲᠥᠭᠦᠷᠢᠭ ᠬᠦᠷᠴᠦ᠂ ᠪᠦᠬᠦ ᠬᠤᠳᠠ ᠶᠢᠨ ᠭᠠᠳᠠᠭᠠᠳᠤ ᠳᠤ ᠭᠠᠷᠭᠠᠭᠰᠠᠨ | ᠦᠷᠳᠡᠭ ᠤᠨ 21.4% ᠶᠢ ᠡᠵᠡᠯᠡᠪᠡ᠃ ᠠᠷᠠᠯᠵᠢᠶᠠᠨ ᠤ ᠤᠯᠤᠰ ᠤᠨ ᠢᠯᠭᠠᠯ ᠠᠴᠠ ᠠᠪᠴᠤ ᠦᠵᠡᠪᠡᠯ᠂ 2023 | ᠣᠨ ᠳᠤ ᠠᠮᠧᠷᠢᠺᠠ ᠪᠣᠯ ᠬᠥᠬᠡᠬᠤᠲᠠ ᠶᠢᠨ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠤᠯᠤᠰ ᠪᠠᠶᠢᠵᠤ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠦᠷᠳᠡᠭ ᠨᠢ 29.5 ᠳ᠋ᠦᠩᠰᠢᠭᠤᠷ ᠲᠥᠭᠦᠷᠢᠭ | ᠬᠦᠷᠴᠦ᠂ 15.2% ᠢ ᠡᠵᠡᠯᠡᠪᠡ᠃ |