ᠬᠤᠷᠢᠨᠭᠡᠷ ᠰᠢᠶᠠᠨ ᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/24
     1 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠪᠥᠬᠦ ᠰᠢᠶᠠᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠮᠠᠨ ᠤ ᠰᠢᠶᠠᠨ ᠤ ᠳᠠᠭᠠᠭᠤᠯᠢ ᠤᠳᠤᠨ ᠤ ᠹᠢᠯᠢᠮ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ 2023 ᠣᠨ ᠤ ᠳᠠᠭᠠᠭᠤᠯᠢ ᠤᠳᠤᠨ ᠤ ᠹᠢᠯᠢᠮ  ᠤᠨ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠰᠡᠷᠭᠡᠭ ᠢᠶᠠᠷ ᠲᠠᠨᠢᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠦᠳᠲᠡᠷ ᠲᠦᠷᠭᠡᠨ ᠢᠶᠠᠷ ᠬᠥᠳᠡᠯᠦᠯᠴᠡᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠤᠷᠳᠤᠴᠠ ᠪᠠᠨ ᠲᠦᠷᠭᠡᠳᠬᠡᠬᠦ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠭᠦᠷᠭᠡ ᠶᠢ ᠪᠣᠳᠠᠲᠠᠢ ᠬᠤᠪᠢᠶᠠᠷᠢᠯᠠᠬᠤ᠂ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ᠂ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠦᠲᠦᠮᠵᠢᠲᠡᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号