ᠬᠤᠷᠢᠨᠭᠡᠷ ᠰᠢᠶᠠᠨ ᠪᠦᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2024/1/24
     1 ᠰᠠᠷ᠎ᠠ ᠶᠢᠨ 23 ᠤ ᠡᠳᠦᠷ᠂ ᠬᠤᠷᠢᠨᠭᠡᠷ ᠰᠢᠶᠠᠨ ᠪᠥᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠪᠠ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠲᠠᠢ ᠪᠣᠯᠭᠠᠵᠤ᠂ ᠬᠤᠷᠠᠯᠳᠤᠭᠠᠨ ᠤ ᠵᠣᠷᠢᠭ ᠰᠠᠨᠠᠭ᠎ᠠ ᠶᠢ ᠮᠠᠨ ᠤ ᠰᠢᠶᠠᠨ ᠳᠤ ᠦᠨᠳᠦᠰᠦᠯᠡᠭᠦᠯᠦᠨ᠂ ᠴᠡᠴᠡᠭᠯᠡᠨ ᠵᠢᠮᠢᠰᠯᠡᠭᠦᠯᠬᠦ ᠶᠢ ᠦᠨᠡᠨ ᠬᠦ ᠪᠠᠲᠤᠯᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠲᠡᠶ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ᠂ ᠬᠤᠶᠠᠷ ᠶᠡᠭᠡ ᠶᠠᠪᠤᠳᠠᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠥᠬᠡᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ᠂ ᠮᠠᠨ ᠤ ᠰᠢᠶᠠᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠪᠠᠷ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠬᠤᠷᠠᠯ ᠠᠴᠠ᠂ ᠵᠣᠷᠢᠭᠲᠠᠢ ᠪᠠᠷ ᠥᠨᠳᠥᠷ ᠲᠦᠪᠰᠢᠨ ᠳᠤ ᠬᠦᠷᠴᠦ᠂ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠵᠠᠳᠠᠯᠤᠯᠲᠠ ᠶᠢ ᠨᠠᠷᠢᠨ ᠪᠣᠳᠠᠲᠠᠢ ᠬᠢᠵᠦ᠂ ᠪᠣᠳᠠᠲᠠᠢ ᠠᠳᠬᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠬᠡᠷᠡᠭᠲᠡᠢ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠢ ᠰᠢᠯᠢᠳᠡᠭᠵᠢᠭᠦᠯᠵᠦ᠂ ︽ᠲᠠᠷᠢᠬᠤ ᠲᠡᠵᠢᠭᠡᠬᠦ ᠨᠡᠮᠡᠵᠦ ᠪᠣᠷᠣᠯᠠᠭᠤᠯᠬᠤ ︾ ᠶᠢ ᠨᠢᠭᠡ ᠴᠤᠬᠴᠠᠵᠢᠭᠤᠯᠤᠬᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠨᠠᠨᠱᠠᠨ ᠤ ᠴᠠᠨ᠎ᠠ ᠴᠡᠴᠡᠭ ᠳᠠᠷᠢᠵᠤ ᠰᠣᠨᠢᠷᠬᠠᠬᠤ ᠲᠣᠭᠤᠷᠢᠭ ᠢ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠴᠠᠨ᠎ᠠ ᠴᠡᠴᠡᠭ ᠰᠣᠨᠢᠷᠬᠠᠬᠤ + ᠰᠣᠷᠭᠤᠭ ᠴᠡᠴᠡᠭ ᠬᠡᠷᠴᠢᠬᠦ ᠠᠵᠤ ᠦᠢᠯᠡᠰ ᠢ ᠬᠥᠭᠵᠢᠭᠦᠯᠦᠨ᠂ ᠦᠷ᠎ᠡ ᠴᠢᠬᠢ᠂ ᠴᠡᠴᠡᠭ ᠬᠡᠷᠴᠢᠬᠦ᠂ ᠦᠵᠡᠮᠦᠷᠢ᠂ ᠡᠮ ᠳᠤ ᠬᠡᠷᠡᠭᠯᠡᠬᠦ ᠶᠢ ᠨᠢᠭᠡ ᠴᠤᠭᠴᠠᠵᠢᠭᠤᠯᠤᠭᠰᠠᠨ ᠴᠠᠨ᠎ᠠ ᠴᠡᠴᠡᠭ ᠳᠠᠷᠢᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠴᠦᠷᠬᠡᠭᠵᠢᠭᠦᠯᠵᠦ᠂ ᠬᠤᠷᠢᠨᠭᠡᠷ ᠴᠠᠬᠢᠯᠭᠠᠨ ᠤ ᠦᠢᠯᠡᠳᠪᠦᠷᠢ᠂ ᠪᠡᠭᠡᠵᠢᠩ ᠤᠨ ᠡᠨᠧᠷᠭᠢ ᠶᠢᠨ ᠢᠯᠴᠢ ᠶᠢᠨ ᠴᠠᠬᠢᠯᠭᠠᠨ᠂ ᠳ᠋ᠠ ᠲᠠᠩ᠂ ᠭᠦᠸᠧ ᠲᠢᠶᠠᠨ ᠵᠡᠷᠭᠡ ᠲᠦᠷᠦᠯ ᠵᠦᠢᠯ ᠢ ᠲᠦᠷᠭᠡᠨ ᠬᠡᠷᠡᠭᠵᠢᠭᠦᠯᠵᠦ᠂ ᠲᠢᠶᠠᠨ ᠬᠤᠤ ᠰᠢᠯ ᠰᠢᠷᠬᠡᠭ ᠤᠨ ᠲᠦᠷᠦᠯ ᠵᠦᠢᠯ ᠤᠨ ᠲᠣᠭᠤᠷᠢᠨ ᠳᠤ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠪᠠᠶᠢᠭᠤᠯᠵᠤ᠂ ᠪᠡᠭᠡᠵᠢᠩ ᠤᠨ ᠪᠠᠷᠢᠯᠭ᠎ᠠ ᠶᠢᠨ ᠠᠵᠤ ᠦᠢᠯᠡᠳᠪᠦᠷᠢ ᠵᠡᠷᠭᠡ ᠲᠤᠮᠤ ᠬᠡᠯᠪᠡᠷᠢ ᠶᠢᠨ ᠠᠵᠤ ᠠᠬᠤᠶᠢᠯᠠᠯ ᠲᠠᠢ ᠬᠠᠮᠲᠤᠷᠠᠯᠴᠠᠬᠤ ᠶᠢ ᠠᠬᠢᠭᠤᠯᠵᠤ᠂ ᠲᠠᠲᠠᠮᠠᠯ ᠰᠢᠷᠬᠡᠭ ᠠᠴᠠ ᠳᠤᠤᠷᠠᠳᠤ ᠤᠷᠤᠰᠬᠠᠯ ᠤᠨ ᠦᠢᠯᠡᠳᠬᠦᠨ ᠬᠦᠷᠲᠡᠯᠡᠬᠢ ᠣᠷᠴᠢᠯ ᠬᠡᠯᠬᠢᠶ᠎ᠡ ᠶᠢ ᠪᠡᠶᠡᠯᠡᠭᠦᠯᠬᠦ ᠬᠡᠷᠡᠭᠲᠡᠢ᠃ ︽ᠲᠠᠪᠤ ᠶᠢ ᠲᠤᠶᠢᠯᠪᠣᠷᠢᠲᠠᠢ ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠲᠣᠭᠤᠷᠢᠭ ᠭᠤᠷᠪᠠᠨ ᠬᠦᠷᠢᠶᠡᠯᠡᠩ︾ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠦᠷᠭᠡᠨ ᠪᠠᠶᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠪᠣᠯᠤᠨ ᠳᠠᠶᠢᠴᠢᠯᠠᠬᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠢ ᠠᠳᠬᠤᠵᠤ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠪᠣᠳᠠᠲᠠᠢ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠦᠨᠡᠨᠴᠢ ᠢᠲᠡᠭᠡᠮᠵᠢ ᠲᠠᠢ ᠪᠠᠶᠢᠬᠤ ᠶᠢ ᠡᠷᠬᠢᠮᠯᠡᠵᠦ᠂ ᠢᠲᠡᠭᠡᠮᠵᠢ ᠲᠠᠢ ᠪᠠᠶᠢᠬᠤ ᠶᠢ ᠡᠷᠬᠢᠮᠯᠡᠵᠦ᠂ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠢᠢᠷ᠎ᠠ ᠶᠢᠨ ᠬᠤᠭᠤᠴᠠᠭᠠᠨ ᠤ ᠡᠯ᠎ᠡ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠰᠡᠷᠡᠮᠵᠢᠯᠡᠭᠦᠯᠬᠦ ᠬᠥᠮᠦᠵᠢᠯ ᠪᠣᠯᠤᠨ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号