ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠪᠦᠯ ᠬᠠᠪᠤᠷ ᠤᠨ ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠳᠤᠨᠢ ᠪᠠᠭᠤᠯᠭᠠᠪᠠ
ᠨᠡᠶᠢᠲᠡᠯᠡᠭᠰᠡᠨ ᠴᠠᠭ᠄
2024/1/24
      ︵ᠰᠤᠷᠪᠤᠯᠵᠢᠯᠠᠭᠴᠢ ᠰᠦᠩ ᠰᠢᠶᠠᠩ ᠬᠤᠸᠠ︶ ᠡᠪᠦᠯ ᠬᠠᠪᠤᠷ ᠤᠨ ᠬᠤᠭᠤᠴᠠᠭᠠᠨ ᠳᠠᠬᠢ ᠪᠦᠬᠦ ᠬᠤᠲᠠ ᠶᠢᠨ ᠡᠯ᠎ᠡ ᠭᠠᠵᠠᠷ ᠣᠷᠣᠨ ᠤ ᠭᠠᠮᠰᠢᠭᠳᠠᠭᠰᠠᠨ ᠣᠯᠠᠨ ᠲᠦᠮᠡᠨ ᠤ ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠲᠥᠷᠥᠯ ᠬᠤᠪᠢᠶᠠᠨ ᠠᠪᠤᠷᠠᠨ ᠲᠤᠰᠠᠯᠠᠬᠤ᠂ ᠭᠤᠣᠯᠳᠠᠯᠭ᠎ᠠ ᠲᠠᠢ ᠠᠪᠤᠷᠠᠨ ᠲᠤᠰᠠᠯᠠᠬᠤ ᠂ ᠨᠠᠷᠢᠯᠢᠭ ᠣᠨᠣᠪᠴᠢᠲᠠᠢ ᠠᠪᠤᠷᠠᠨ ᠲᠤᠰᠠᠯᠠᠬᠤ︾ ᠵᠠᠷᠴᠢᠮ ᠶᠣᠰᠣᠭᠠᠷ᠂ 2023 ︱ 2024 ᠣᠨ ᠤ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ︵ᠡᠪᠦᠯ ᠬᠠᠪᠤᠷ ᠤᠨ ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ ᠪᠡᠯᠡ ᠮᠥᠩᠭᠦ︶ ᠶᠢ 1369.43 ᠲᠦᠮᠡᠨ ᠲᠥᠭᠦᠷᠢᠭ ᠪᠠᠭᠤᠯᠭᠠᠬᠤ ᠶᠢᠨ ᠬᠠᠮᠲᠤ ᠬᠤᠲᠠ ᠶᠢᠨ ᠲᠣᠰ ᠱᠠᠲᠤᠨ ᠠᠴᠠ ᠬᠠᠪᠰᠤᠷᠭᠠᠭᠰᠠᠨ ᠪᠡᠯᠡ ᠮᠥᠩᠭᠦ ᠶᠢ 100 ᠲᠦᠮᠡᠨ ᠲᠥᠭᠦᠷᠢᠭ ᠲᠣᠬᠢᠷᠠᠭᠤᠯᠵᠤ᠂ ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠬᠤᠭᠤᠴᠠᠭᠠᠨ ᠳᠠᠬᠢ ᠲᠦᠷ ᠴᠠᠭ ᠤᠨ ᠠᠮᠢᠳᠤᠷᠠᠯ ᠤᠨ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠨ᠎ᠡ᠃      ᠳᠡᠭᠡᠳᠦ ᠱᠠᠲᠤᠨ ᠤ ᠪᠠᠭᠤᠯᠭᠠᠭᠰᠠᠨ ᠲᠤᠰᠬᠠᠢ ᠪᠡᠯᠡ ᠮᠥᠩᠭᠦ ᠶᠢ ᠣᠯᠣᠭᠰᠠᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠤᠭ ᠤᠨ ᠲᠡᠷᠢᠭᠦᠨ ᠳᠤ ᠬᠤᠯᠪᠣᠭᠳᠠᠯ ᠪᠦᠬᠦᠢ ᠬᠤᠰᠢᠭᠤ ᠰᠢᠶᠠᠨ ᠳᠤ ᠪᠠᠭᠤᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ 2024 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠪᠦᠯ ᠬᠠᠪᠤᠷ ᠤᠨ ᠲᠦᠷ ᠴᠠᠭ ᠤᠨ ᠠᠮᠢᠳᠤᠷᠠᠯ ᠤᠨ ᠬᠦᠴᠢᠷᠳᠡᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾ ᠵᠡᠷᠭᠡ ᠠᠷᠭ᠎ᠠ ᠮᠠᠶ᠋ᠢᠭ ᠢᠶᠠᠷ ᠭᠠᠮᠰᠢᠭᠳᠠᠭᠰᠠᠨ ᠣᠯᠠᠨ ᠲᠦᠮᠡᠨ ᠨᠢᠭᠡᠪᠦᠷᠢ ᠳᠤ ᠣᠯᠭᠤᠬᠤ ᠶᠢ ᠦᠨᠡᠨ ᠬᠦ ᠪᠠᠲᠤᠯᠠᠵᠤ᠂ ᠭᠠᠮᠰᠢᠭᠳᠠᠭᠰᠠᠨ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃      ᠣᠳᠣᠬᠠᠨ ᠳᠤ᠂ ᠴᠢᠩ ᠱᠦᠢ ᠾᠧ ᠰᠢᠶᠠᠨ᠂ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ ᠨᠢᠭᠡᠨᠲᠡ ᠲᠦᠭᠡᠭᠡᠨ ᠥᠭᠴᠦ᠂ ᠬᠤᠷᠢᠨᠭᠡᠷ ᠰᠢᠶᠠᠨ᠂ ᠲᠣᠭᠲᠠᠬᠤ ᠰᠢᠶᠠᠨ ᠶᠠᠭ ᠲᠡᠰ ᠳᠠᠷᠠᠭᠠᠯᠠᠯ ᠢᠶᠠᠷ ᠲᠦᠭᠡᠭᠡᠨ ᠥᠭᠴᠦ    ᠪᠤᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号