ᠬᠤᠷᠢᠨᠭᠡᠷ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠢ ᠳᠠᠬᠢᠨ ᠪᠠᠶᠢᠭᠤᠯᠵᠤ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/1/25
     ᠶᠡᠷᠦᠩᠬᠡᠢ ᠱᠦᠵᠢ ᠰᠢ ᠶᠢᠨ ᠫᠢᠩ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ︽ᠪᠦᠬᠦ ᠲᠠᠯ᠎ᠠ ᠪᠠᠷ ᠲᠥᠯᠥᠪᠵᠢᠭᠦᠯᠵᠦ᠂ ᠰᠢᠰᠲ᠋ᠧᠮ ᠢ ᠳᠠᠬᠢᠨ ᠪᠠᠶᠢᠭᠤᠯᠵᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ︾ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 22 ᠤᠨ ᠡᠳᠦᠷ᠂ ᠬᠤᠷᠢᠨᠭᠡᠷ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠢ ᠰᠢᠨ᠎ᠡ ᠪᠠᠷ ᠪᠠᠶᠢᠭᠤᠯᠵᠤ᠂ ᠰᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠠᠵᠢᠯᠲᠠᠳ ᠲᠤᠰ ᠤᠳᠠᠭ᠎ᠠ ᠶᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃      ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠥᠭᠡᠷᠡᠴᠢᠯᠡᠯᠲᠡ ᠶᠢᠨ ᠲᠤᠬᠠᠶ ᠡᠯ᠎ᠡ ᠱᠠᠲᠤᠨ ᠤ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠳᠤ ᠲᠤᠬᠢᠷᠠᠭᠤᠯᠤᠯᠳᠠ ᠬᠢᠵᠦ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠢ ᠰᠢᠨ᠎ᠡ ᠪᠠᠷ ᠪᠠᠶᠢᠭᠤᠯᠵᠤ᠂ ᠰᠢᠶᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠥᠷᠲᠡᠭᠡᠨ ᠤ ᠫᠠᠶᠢᠰᠠ ᠶᠢ ᠨᠡᠮᠡᠵᠦ  ᠡᠯᠭᠦᠪᠡ᠃ ᠲᠤᠰ ᠤᠳᠠᠭᠠᠨ ᠤ ᠫᠠᠶᠢᠰᠠ ᠡᠯᠭᠦᠨ ᠳᠠᠬᠢᠨ ᠵᠣᠬᠢᠶᠠᠨ ᠪᠠᠶᠢᠭᠤᠯᠤᠭᠰᠠᠨ ᠨᠢ ᠮᠠᠨ ᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠦᠢᠯᠡᠰ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠬᠤᠶᠠᠷ ᠶᠡᠭᠡ ᠭᠤᠣᠯ ᠡᠭᠦᠷᠭᠡ ᠴᠢᠳᠠᠪᠬᠢ ᠶᠢᠨ ᠬᠤᠯᠪᠣᠭᠠᠯᠠᠯ ᠢ ᠪᠡᠶᠡᠯᠡᠭᠦᠯᠵᠦ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠠᠵᠢᠯ ᠤᠨ ᠪᠠᠶᠢᠭᠤᠯᠤᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠲᠣᠭᠲᠠᠴᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ ᠪᠣᠯᠤᠨ ᠦᠷ᠎ᠡ ᠪᠦᠳᠦᠮᠵᠢᠳᠤ ᠴᠢᠨᠠᠷ ᠢ ᠦᠨᠡᠨᠬᠦ ᠴᠢᠩᠭᠠᠳᠬᠠᠨ᠎ᠠ᠃ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠲᠠᠷᠠᠭᠠᠴᠢ ᠶᠢᠨ ᠠᠯᠬᠤᠮ ᠳᠤ᠂ ᠰᠢᠨ᠎ᠡ ᠪᠠᠷ ᠪᠠᠶᠢᠭᠤᠯᠤᠭᠰᠠᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠰᠢᠨ᠎ᠡ ᠵᠢᠳᠬᠦᠯ ᠭᠠᠷᠭᠠᠵᠤ᠂ ᠡᠷᠡᠭᠦᠯ ᠡᠩᠬᠡ ᠬᠤᠷᠢᠨᠭᠡᠷ ᠢ ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号