ᠮᠠᠨ ᠤ ᠬᠤᠲᠠ ᠠᠴᠠ ᠴᠡᠷᠢᠭ ᠲᠤ ᠡᠯᠰᠡᠭᠳᠡᠭᠰᠡᠨ ᠶᠡᠭᠡ ᠰᠤᠷᠭᠠᠭᠤᠯᠢ ᠲᠡᠭᠦᠰᠦᠭᠰᠡᠳ ᠲᠤ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠮᠥᠩᠭᠦ ᠣᠯᠭᠤᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠤᠨ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠮᠡᠳᠡᠭᠳᠡᠯ
ᠨᠡᠶᠢᠲᠡᠯᠡᠭᠰᠡᠨ ᠴᠠᠭ᠄
2024/1/25
     ᠬᠥᠬᠡᠬᠤᠲᠠ ᠵᠠᠰᠠᠭ ᠲᠠᠷᠬᠠᠭᠠᠭᠰᠠᠨ ﹇2023﹈ 34 ᠳ᠋ᠦ᠋ᠭᠡᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠴᠡᠷᠢᠭ ᠡᠯᠰᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠶᠡᠭᠡ ᠰᠤᠷᠭᠠᠭᠤᠯᠢ ᠲᠡᠭᠦᠰᠦᠭᠰᠡᠳ ᠤᠨ ᠴᠡᠷᠢᠭ ᠲᠤ ᠣᠷᠣᠵᠤ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾᠂ ︽ᠴᠡᠷᠢᠭ ᠡᠯᠰᠡᠬᠦ ᠠᠵᠢᠯ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠪᠠ ᠰᠡᠷᠭᠡᠶᠢᠯᠡᠯᠲᠡ ᠶᠢᠨ ᠲᠣᠭᠤᠷᠢᠭ ᠢᠶᠠᠷ ᠰᠤᠳᠤᠯᠤᠨ ᠲᠣᠭᠲᠠᠵᠤ᠂ 2024 ᠣᠨ ᠠᠴᠠ ᠡᠬᠢᠯᠡᠨ᠂ ᠮᠠᠨ ᠤ ᠬᠤᠲᠠ ᠶᠢᠨ ᠵᠥᠪᠰᠢᠶᠡᠷᠡᠯ ᠢᠶᠠᠷ ᠴᠡᠷᠢᠭ ᠲᠤ ᠣᠷᠣᠵᠤ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠭᠰᠠᠨ ᠶᠡᠭᠡ ᠰᠤᠷᠭᠠᠭᠤᠯᠢ ᠲᠡᠭᠦᠰᠦᠭᠰᠡᠳ ᠲᠤ ᠨᠢᠭᠡ ᠤᠳᠠᠭ᠎ᠠ ᠶᠢᠨ ᠴᠢᠨᠠᠷᠲᠠᠢ ᠴᠡᠷᠢᠭ ᠲᠤ ᠣᠷᠣᠬᠤ ᠱᠠᠩᠨᠠᠯ ᠤᠨ ᠮᠥᠩᠭᠦ ᠣᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠣᠯᠭᠤᠬᠤ ᠬᠦᠷᠢᠶ᠎ᠡ ᠬᠡᠪᠴᠢᠶ᠎ᠡ᠂ ᠪᠠᠷᠢᠮᠵᠢᠶ᠎ᠠ      ᠲᠤᠰ ︵ᠥᠩᠭᠡᠷᠡᠭᠰᠡᠨ︶ ᠬᠤᠭᠤᠴᠠᠭᠠᠨ ᠤ ᠠᠰᠫᠢᠷᠠᠨᠲ᠂ ᠵᠢᠩᠬᠢᠨᠢ ᠠᠩᠭᠢ ᠲᠡᠭᠦᠰᠦᠭᠰᠡᠨ ᠰᠣᠷᠣᠭᠴᠢ ︵ᠨᠥᠬᠦᠴᠡᠯ ᠳᠤ ᠨᠡᠶᠢᠴᠡᠬᠦ ᠲᠡᠭᠦᠰᠬᠦ ᠠᠩᠭᠢ ᠶᠢᠨ ᠰᠣᠷᠣᠭᠴᠢ ᠪᠠᠭᠲᠠᠨ᠎ᠠ︶ ᠵᠢᠴᠢ ᠰᠤᠷᠭᠠᠭᠤᠯᠢ ᠳᠤ ᠪᠠᠶᠢᠭ᠎ᠠ ᠠᠰᠫᠢᠷᠠᠨᠲ ᠬᠥᠮᠥᠨ ᠪᠦᠷᠢ 1 ᠲᠦᠮᠡᠨ ᠲᠥᠭᠦᠷᠢᠭ ᠪᠠᠶᠢᠭᠰᠠᠨ ᠠᠴᠠ 1.5 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠤᠰ ︵ᠥᠩᠭᠡᠷᠡᠭᠰᠡᠨ︶ ᠬᠤᠭᠤᠴᠠᠭᠠᠨ ᠤ ᠲᠤᠰᠬᠠᠢ ᠮᠡᠷᠭᠡᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠣᠷᠣᠭᠴᠢ ︵ᠨᠥᠬᠦᠴᠡᠯ ᠳᠤ ᠨᠡᠶᠢᠴᠡᠬᠦ ᠲᠡᠭᠦᠰᠬᠦ ᠠᠩᠭᠢ ᠶᠢᠨ ᠰᠣᠷᠣᠭᠴᠢ ᠪᠠᠭᠲᠠᠨ᠎ᠠ︶ ᠬᠥᠮᠥᠨ ᠪᠦᠷᠢ 0.6 ᠲᠦᠮᠡᠨ ᠲᠥᠭᠦᠷᠢᠭ ᠪᠠᠶᠢᠭᠰᠠᠨ ᠠᠴᠠ 1 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠬᠤᠯᠪᠣᠭᠳᠠᠯ ᠪᠦᠬᠦᠢ ᠰᠤᠷᠤᠯᠭ᠎ᠠ ᠶᠢᠨ ᠨᠠᠮᠲᠠᠷ ᠢ ᠦᠨᠡᠯᠡᠨ ᠲᠣᠭᠲᠠᠭᠠᠬᠤ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠴᠡᠷᠢᠭ ᠡᠯᠰᠡᠬᠦ ᠠᠯᠪᠠᠨ ᠭᠡᠷ ᠤᠨ ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠯᠲᠠ ᠶᠢᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃      ᠬᠤᠶᠠᠷ᠂ ᠵᠠᠷᠤᠳᠠᠯ ᠤᠨ ᠢᠷᠡᠯᠲᠡ      ᠬᠡᠷᠡᠭᠰᠡᠬᠦ ᠵᠠᠷᠤᠳᠠᠯ ᠢ ᠬᠤᠲᠠ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠠᠴᠠ ᠬᠠᠮᠲᠤ ᠪᠠᠷ ᠡᠭᠦᠷᠭᠡᠯᠡᠵᠦ᠂ ᠴᠡᠷᠢᠭ ᠲᠤ ᠡᠯᠰᠡᠭᠳᠡᠭᠰᠡᠨ ᠳᠠᠷᠠᠭ᠎ᠠ ᠵᠢᠯ ᠳᠤᠨᠢ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ ᠡᠭᠦᠨ ᠳᠤ᠂ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ᠂ ᠬᠤᠲᠠ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠠᠴᠠ ᠲᠣᠰ ᠲᠣᠰ 50% ᠶᠢ ᠡᠭᠦᠷᠭᠡᠯᠡᠨ᠎ᠡ ︔ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ 60% ᠶᠢ ᠡᠭᠦᠷᠭᠡᠯᠡᠵᠦ᠂ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠠᠴᠠ 40% ᠶᠢ ᠡᠭᠦᠷᠭᠡᠯᠡᠨ᠎ᠡ︔ ᠴᠢᠩ ᠱᠦᠢ ᠾᠧ ᠰᠢᠶᠠᠨ᠂ ᠦᠴᠦᠸᠠᠨ ᠰᠢᠶᠠᠨ᠂ ᠬᠤᠳᠠ ᠶᠢᠨ ᠱᠠᠲᠤᠨ ᠤ ᠡᠳ᠋ ᠤᠨ ᠵᠠᠰᠠᠭ ᠠᠴᠠ 80% ᠶᠢ ᠡᠭᠦᠷᠭᠡᠯᠡᠵᠦ᠂ ᠰᠢᠶᠠᠨ ᠤ ᠱᠠᠲᠤᠨ ᠤ ᠡᠳ᠋ ᠤᠨ ᠵᠠᠰᠠᠭ ᠠᠴᠠ 20% ᠶᠢ ᠡᠭᠦᠷᠭᠡᠯᠡᠨ᠎ᠡ᠃      ᠭᠤᠷᠪᠠ᠂ ᠣᠯᠭᠤᠬᠤ ᠠᠷᠭ᠎ᠠ ᠮᠠᠶ᠋ᠢᠭ      ᠶᠡᠭᠡ ᠰᠤᠷᠭᠠᠭᠤᠯᠢ ᠲᠡᠭᠦᠰᠦᠭᠰᠡᠨ ᠠᠯᠪᠠᠨ ᠵᠢᠷᠤᠮ ᠤᠨ ᠴᠡᠷᠢᠭ ᠤᠨ ᠨᠢᠭᠡ ᠤᠳᠠᠭ᠎ᠠ ᠶᠢᠨ ᠴᠢᠨᠠᠷᠲᠠᠢ ᠴᠡᠷᠢᠭ ᠲᠤ ᠣᠷᠣᠬᠤ ᠱᠠᠩᠨᠠᠯ ᠤᠨ ᠮᠥᠩᠭᠦ ᠶᠢ ᠴᠡᠷᠢᠭ ᠲᠤ ᠣᠷᠣᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠠᠩᠬᠠᠨ ᠤ ᠬᠠᠷᠠᠭᠠᠯᠵᠠᠯ ᠤᠨ ᠮᠥᠩᠭᠦ ᠲᠠᠢ ᠬᠠᠮᠲᠤ ᠣᠯᠭᠤᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠴᠢᠩᠭ᠎ᠠ ᠬᠢᠨᠠᠨ ᠬᠠᠷᠭᠤᠭᠤᠯᠵᠤ᠂ ᠦᠢᠯᠡᠴᠢᠯᠡᠭᠡ ᠪᠠᠨ ᠨᠠᠷᠢᠨ ᠨᠢᠮᠪᠠᠢ ᠰᠠᠶᠢᠲᠤᠷ ᠬᠢᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃      ︵ᠬᠤᠶᠠᠷ︶ ᠴᠡᠷᠢᠭ ᠲᠤ ᠣᠷᠣᠬᠤ ᠶᠢ ᠵᠥᠪᠰᠢᠶᠡᠷᠡᠭᠰᠡᠨ ᠬᠥᠮᠥᠰ ᠢ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ ᠠᠴᠠ ᠴᠡᠷᠢᠭ ᠠᠴᠠ ᠪᠤᠴᠠᠭᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ 30 ᠡᠳᠦᠷ ᠤᠨ ᠳᠣᠲᠣᠷ᠎ᠠ᠂ ᠠᠳᠠᠯᠢ ᠱᠠᠲᠤᠨ ᠤ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠬᠢᠭᠡᠳ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠬᠦ ᠬᠡᠷᠡᠭᠲᠡᠢ᠃      ︵ᠭᠤᠷᠪᠠ︶ ᠱᠠᠩᠨᠠᠯ ᠤᠨ ᠮᠥᠩᠭᠦ ᠶᠢ ᠵᠥᠪᠬᠡᠨ ᠴᠡᠷᠢᠭ ᠲᠤ ᠣᠷᠣᠬᠤ ᠶᠢ ᠵᠥᠪᠰᠢᠶᠡᠷᠡᠭᠰᠡᠨ ᠲᠤᠬᠠᠢ ᠶᠢᠨ ᠵᠢᠯ ᠤᠨ ᠲᠣᠭᠲᠠᠭᠠᠯ ᠳᠤ ᠨᠡᠶᠢᠴᠡᠬᠦ ᠬᠥᠮᠥᠰ ᠲᠤ ᠣᠯᠭᠤᠨ᠎ᠠ᠂ ᠴᠡᠷᠢᠭ ᠲᠤ ᠣᠷᠣᠭᠰᠠᠨ ᠤ ᠳᠠᠷᠠᠭ᠎ᠠ ᠵᠢᠯ᠂ ᠴᠡᠷᠢᠭ ᠤᠨ ᠠᠯᠪᠠ ᠬᠠᠭᠠᠬᠤ ᠬᠤᠭᠤᠴᠠᠭ᠎ᠠ ᠵᠢᠴᠢ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠬᠠᠮᠢᠶ᠎ᠠ ᠪᠦᠬᠦᠢ ᠰᠤᠷᠤᠯᠭ᠎ᠠ ᠶᠢᠨ ᠨᠠᠮᠲᠠᠷ ᠣᠯᠣᠭᠰᠠᠨ ᠬᠥᠮᠥᠰ ᠲᠤ ᠣᠯᠭᠤᠬᠤ ᠦᠭᠡᠢ᠃      ︵ᠳᠥᠷᠪᠡ︶ ᠪᠡᠶ᠎ᠡ ᠮᠠᠬᠠᠪᠤᠳ᠂ ᠤᠯᠤᠰ ᠲᠥᠷᠥ ᠵᠡᠷᠭᠡ ᠲᠠᠯ᠎ᠠ ᠶᠢᠨ ᠨᠥᠬᠦᠴᠡᠯ ᠨᠢ ᠬᠢᠷᠢ ᠲᠡᠩᠴᠡᠬᠦ ᠦᠭᠡᠢ ᠠᠴᠠ ᠪᠣᠯᠵᠤ ᠴᠡᠷᠢᠭ ᠠᠴᠠ ᠪᠤᠴᠠᠭᠠᠬᠤ ᠪᠠᠷ ᠰᠢᠢᠳᠪᠦᠷᠢᠯᠡᠬᠦ ᠵᠢᠴᠢ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠪᠤᠶᠤ ᠴᠡᠷᠢᠭ ᠤᠨ ᠠᠯᠪᠠ ᠬᠠᠭᠠᠬᠤ ᠶᠢ ᠲᠡᠪᠴᠢᠭᠰᠡᠨ ᠵᠡᠷᠭᠡ ᠰᠢᠯᠲᠠᠭᠠᠨ ᠠᠴᠠ ᠪᠣᠯᠵᠤ ᠴᠡᠷᠢᠭ ᠠᠩᠭᠢ ᠠᠴᠠ ᠨᠡᠷ᠎ᠡ ᠶᠢ ᠨᠢ ᠬᠠᠰᠤᠭᠰᠠᠨ ᠪᠤᠶᠤ ᠴᠡᠷᠢᠭ ᠠᠴᠠ ᠬᠥᠭᠡᠭᠡᠭᠳᠡᠭᠰᠡᠨ ᠠᠯᠪᠠᠨ ᠵᠢᠷᠤᠮ ᠤᠨ ᠴᠡᠷᠢᠭ ᠲᠤ ᠣᠯᠭᠤᠬᠤ ᠦᠭᠡᠢ᠃             ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ   ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠤᠨ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ             2023 ᠣᠨ ᠤ 12 ᠳ᠋ᠤᠭᠠᠷ ᠰᠠᠷ᠎ᠠ ᠶᠢᠨ 29 ᠤ ᠡᠳᠦᠷ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号