ᠬᠥᠬᠡᠬᠤᠲᠠ ᠵᠠᠰᠠᠭ ᠲᠠᠷᠬᠠᠭᠠᠭᠰᠠᠨ ﹇2024﹈ 1 ᠳ᠋ᠦ᠋ᠭᠡᠷ ᠲᠣᠭᠠᠲᠤ | | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ | ᠡᠳᠦᠭᠡ ︽2024 ᠣᠨ ᠤ ︿ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ﹀ ᠲᠤᠰᠬᠠᠢ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠰᠠᠶᠢᠲᠤᠷ ᠠᠳᠬᠤᠵᠤ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 1 ᠳ᠋ᠦ᠋ᠭᠡᠷ ᠰᠠᠷ᠎ᠠ ᠶᠢᠨ 2 ᠤᠨ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | | | 2024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠲᠤᠰᠬᠠᠢ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ | | ᠣᠷᠣᠨ ᠤ ᠲᠥᠪ ᠬᠤᠲᠠ ᠶᠢᠨ ᠬᠥᠮᠥᠨ ᠠᠮᠠ ᠶᠢᠨ ᠳᠡᠰ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠬᠦ ᠶᠢᠨ ᠲᠥᠯᠥᠭᠡ᠂ ︽ᠬᠥᠬᠡᠬᠤᠲᠠ ᠶᠢᠨ ︿ᠦᠢᠯᠡᠰ ᠪᠣᠰᠬᠠᠬᠤ ᠳᠤ ᠲᠣᠬᠢᠷᠠᠮᠵᠢᠲᠠᠢ﹀ ᠬᠤᠲᠠ ᠶᠢ | ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ︾ ︽ᠬᠥᠬᠡᠬᠤᠲᠠ ᠶᠢᠨ ᠴᠢᠳᠠᠪᠤᠷᠢᠲᠠᠨ ᠢ | ᠲᠠᠲᠠᠬᠤ 10 ᠵᠣᠷᠪᠣᠰ ᠲᠥᠷᠥ ᠶᠢᠨ ᠪᠣᠳᠣᠯᠭ᠎ᠠ ᠶᠢᠨ ᠠᠵᠢᠯ ᠣᠯᠵᠤ ᠦᠢᠯᠡᠰ ᠪᠣᠰᠬᠠᠬᠤ ᠶᠢ ᠳᠡᠮᠵᠢᠬᠦ ᠢᠵᠢ | ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠢ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇ | 2022﹈ 26 ᠳ᠋ᠤᠭᠠᠷ ᠲᠣᠭᠠᠲᠤ︶᠂ ︽ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 | ᠵᠤᠷᠪᠤᠰ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2023﹈ 24 ᠳ᠋ᠦ᠋ᠭᠡᠷ ᠲᠣᠭᠠᠲᠤ︶ ᠤᠨ ᠵᠣᠷᠢᠭ | ᠰᠠᠨᠠᠭ᠎ᠠ ᠲᠠᠢ ᠤᠶᠠᠯᠳᠤᠭᠤᠯᠤᠨ᠂ ᠲᠣᠰ ᠠᠵᠢᠯᠯᠠᠭᠠᠨ ᠤ ᠲᠥᠰᠥᠯ ᠢ ᠲᠣᠭᠲᠠᠭᠠᠪᠠ᠃ | ᠨᠢᠭᠡ᠂ ᠡᠭᠦᠷᠭᠡ ᠬᠠᠷᠠᠯᠲᠠ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠲᠠᠪᠤᠨ ᠲᠣᠬᠢᠷᠠᠮᠵᠢᠲᠠᠢ ᠬᠤᠲᠠ︾ | ᠶᠢ ᠪᠦᠲᠦᠭᠡᠨ ᠪᠠᠶᠢᠭᠤᠯᠬᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ | ᠬᠠᠷᠠᠯᠲᠠ ᠶᠢᠨ ᠲᠣᠭᠤᠷᠢᠨ ᠳᠤ᠂ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯ ᠣᠯᠭᠤᠯᠲᠠ ᠨᠢ ᠠᠵᠤ ᠦᠢᠯᠡᠰ ᠢ ᠳᠠᠭᠠᠬᠤ᠂ ᠠᠵᠤ ᠦᠢᠯᠡᠰ ᠨᠢ ᠵᠠᠬ᠎ᠠ ᠳᠡᠯᠭᠡᠭᠦᠷ ᠢ | ᠳᠠᠭᠠᠬᠤ ᠶᠢ ᠪᠠᠷᠢᠮᠲᠠᠯᠠᠨ᠂ ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ᠂ ᠠᠵᠢᠯ ᠣᠯᠭᠤᠯᠲᠠ ᠪᠠᠷ ᠠᠵᠤ | ᠠᠬᠤᠶᠢᠯᠠᠯ ᠢ ᠲᠤᠰᠠᠯᠠᠬᠤ ᠵᠡᠷᠭᠡ ᠨᠠᠢᠮᠠᠨ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ | ᠵᠢᠯ ᠳᠤ 5 ᠲᠦᠮᠡᠨ ᠬᠥᠮᠥᠨ ᠢ ᠪᠠᠲᠤᠯᠠᠨ᠂ 6 ᠲᠦᠮᠡᠨ ᠣᠶᠤᠲᠠᠨ ᠢ ᠬᠥᠬᠡᠬᠤᠲᠠ ᠳᠤ ᠢᠷᠡᠵᠦ᠂ | ᠬᠥᠬᠡᠬᠤᠲᠠ ᠳᠠᠭᠠᠨ ᠪᠤᠴᠠᠵᠤ᠂ ᠬᠥᠬᠡᠬᠤᠲᠠ ᠳᠤ ᠦᠯᠡᠳᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠪᠡᠶᠡᠯᠡᠭᠦᠯᠬᠦ ᠪᠠᠷ ᠴᠢᠷᠮᠠᠶᠢᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ | 1. ᠦᠢᠯᠡᠳᠬᠦ ᠦᠢᠯᠡᠰ ᠢ ᠬᠥᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠨ᠎ᠡ᠃ ᠲᠡᠷᠢᠭᠦᠨ ᠤ ᠦᠢᠯᠡᠳᠬᠦ | ᠦᠢᠯᠡᠰ ᠤᠨ ᠪᠥᠭᠡᠮᠨᠡᠷᠡᠯ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ | ᠳᠡᠪᠰᠢᠭᠦᠯᠬᠦ ᠪᠠ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠨᠢᠭᠡᠳᠦᠯᠲᠡᠢ ᠲᠥᠯᠥᠪᠯᠡᠨ ᠪᠣᠶᠢᠵᠢᠭᠤᠯᠤᠨ | ᠪᠤᠵᠠᠭᠠᠶᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠂ ᠡᠯ᠎ᠡ | ᠵᠦᠢᠯ ᠤᠨ ᠢᠵᠢ ᠪᠦᠷᠢᠳᠦᠭᠦᠯᠦᠭᠰᠡᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 2024 | ᠣᠨ ᠳᠤ 70 ᠠᠴᠠ ᠳᠡᠭᠡᠭᠰᠢ ᠦᠢᠯᠡᠳᠬᠦ ᠦᠢᠯᠡᠰ ᠤᠨ ᠲᠥᠷᠥᠯ ᠵᠦᠢᠯ ᠢ ᠲᠠᠲᠠᠨ ᠪᠡᠯᠡ ᠣᠷᠣᠭᠤᠯᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 40 ᠰᠢᠨ᠎ᠡ ᠪᠠᠷ ᠨᠡᠮᠡᠭᠳᠡᠭᠦᠯᠦᠨ᠂ | 10 ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠤᠢ ᠪᠣᠯᠭᠠᠨ᠎ᠠ᠃ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠤᠨ ᠬᠡᠯᠬᠢᠶᠡᠨ ᠤ ᠭᠤᠣᠯ ᠠᠵᠤ ᠠᠬᠤᠶᠢᠯᠠᠯ ᠤᠨ ᠴᠢᠳᠠᠪᠤᠷᠢ ᠪᠠᠨ ᠳᠡᠭᠡᠭᠰᠢᠯᠡᠭᠦᠯᠦᠨ ᠠᠵᠢᠯ ᠤᠨ | ᠪᠠᠶᠢᠷᠢ ᠪᠠᠨ ᠥᠷᠭᠡᠳᠬᠡᠬᠦ ᠶᠢ ᠵᠣᠷᠢᠭᠵᠢᠭᠤᠯᠵᠤ᠂ 1.5 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠶᠢ | ᠳᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︶ | 2. ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠪᠣᠶᠢᠵᠢᠭᠤᠯᠵᠤ ᠠᠵᠢᠯ ᠤᠨ ᠪᠠᠶᠢᠷᠢ ᠶᠢ | ᠥᠷᠭᠡᠳᠬᠡᠨ᠎ᠡ᠃ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠬᠤᠯᠪᠣᠭ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠯᠭᠠᠭᠤᠯᠤᠨ ᠰᠣᠯᠢᠯᠴᠠᠬᠤ ᠲᠠᠪᠴᠠᠩ ᠢ ᠪᠠᠶᠢᠭᠤᠯᠵᠤ᠂ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠷ᠎ᠡ ᠪᠦᠲᠦᠭᠡᠯ ᠢ | ᠤᠯᠠᠷᠢᠭᠤᠯᠬᠤ ᠶᠢ ᠠᠬᠢᠭᠤᠯᠤᠨ᠎ᠠ᠃ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠶᠡᠬᠡᠪᠡᠷ | ᠪᠣᠶᠢᠵᠢᠭᠤᠯᠵᠤ᠂ ᠦᠢᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠰᠢᠨ᠎ᠡ ᠪᠠᠷ ᠵᠥᠪᠰᠢᠶᠡᠷᠡᠭᠳᠡᠭᠰᠡᠨ | ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠠᠵᠤ ᠠᠬᠤᠶᠢᠯᠠᠯ᠂ | ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ | ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠳᠤ ᠲᠣᠭᠲᠠᠭᠠᠯ ᠶᠣᠰᠣᠭᠠᠷ | ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ 2024 ᠣᠨ ᠳᠤ ︽ᠲᠤᠰᠬᠠᠢ ᠨᠠᠷᠢᠯᠢᠭ ᠣᠨᠴᠠ ᠰᠢᠨ᠎ᠡ︾ | ᠠᠵᠤ ᠠᠬᠤᠶᠢᠯᠠᠯ ᠪᠠ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢ 40 ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 3000 ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠶᠢ ᠳᠠᠶᠢᠴᠢᠯᠠᠨ᠎ᠠ᠃ | ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠪᠦᠰᠡ ᠶᠢᠨ | ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶ | 3. ᠦᠢᠯᠡᠴᠢᠯᠡᠭᠡᠨ ᠤ ᠦᠢᠯᠡᠰ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ ᠠᠵᠢᠯ ᠤᠨ | ᠪᠠᠶᠢᠷᠢ ᠶᠢ ᠥᠷᠭᠡᠳᠬᠡᠨ᠎ᠡ᠃ 2024 ᠣᠨ ᠳᠤ 30 ᠠᠴᠠ ᠳᠡᠭᠡᠭᠰᠢ ᠦᠢᠯᠡᠴᠢᠯᠡᠭᠡᠨ ᠤ ᠦᠢᠯᠡᠰ ᠤᠨ ᠴᠢᠬᠤᠯᠠ | ᠶᠡᠭᠡ ᠲᠥᠷᠥᠯ ᠵᠦᠢᠯ ᠢ ᠪᠠᠶᠢᠭᠤᠯᠵᠤ᠂ ᠲᠠᠪᠴᠠᠩ ᠤᠨ ᠠᠵᠤ ᠠᠬᠤᠢ ᠶᠢ ᠲᠡᠮᠵᠢᠨ ᠬᠥᠭᠵᠢᠭᠦᠯᠵᠦ᠂ ᠢᠨᠲ᠋ᠧᠷ | ᠰᠦᠯᠵᠢᠶᠡᠨ ᠤ ᠰᠦᠯᠵᠢᠶᠡᠨ ᠤ ᠰᠢᠭᠤᠳ ᠨᠡᠪᠲᠡᠷᠡᠭᠦᠯᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠦᠷᠭᠡᠨ | ᠬᠦᠷᠭᠡᠯᠲᠡ ᠡᠳ᠋ ᠪᠠᠷᠠᠭᠠᠨ ᠤ ᠭᠦᠢᠯᠭᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ | ᠣᠯᠭᠤᠯᠲᠠ ᠶᠢᠨ ᠣᠷᠣᠨ ᠵᠠᠢ ᠶᠢ ᠥᠷᠭᠡᠳᠬᠡᠨ᠎ᠡ᠃ ᠵᠢᠯ ᠤᠨ ᠳᠣᠲᠣᠷ᠎ᠠ 3 ᠲᠦᠮᠡ ᠠᠴᠠ ᠳᠡᠭᠡᠭᠰᠢ ᠬᠥᠮᠥᠨ ᠳᠤ | ᠠᠵᠢᠯ ᠣᠯᠭᠤᠬᠤ ᠶᠢ ᠳᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︶ | ︵ᠬᠤᠶᠠᠷ︶ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ | 4. ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠡᠷᠢᠬᠦ︾ ᠦᠢᠯᠡᠴᠢᠯᠡᠭᠡ ᠶᠢ | ᠬᠡᠷᠡᠭᠵᠢᠭᠦᠯᠦᠨ᠎ᠡ᠃ ᠬᠡᠪᠰᠢᠭᠰᠡᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ ᠤᠨ ᠠᠵᠢᠯ ᠤᠨ ᠲᠤᠰᠬᠠᠢ ᠠᠩᠭᠢ ᠵᠢᠴᠢ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠬᠤᠳᠠᠯᠳᠤᠭᠠᠨ ᠤ ᠶᠠᠪᠤᠳᠠᠯ᠂ ᠠᠵᠢᠯᠴᠢᠨ ᠤ ᠶᠡᠷᠦᠩᠬᠡᠢ ᠡᠪᠯᠡᠯ᠂ | ᠬᠤᠲᠠ ᠶᠢᠨ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ︽ | ᠠᠵᠤ ᠠᠬᠤᠶᠢᠯᠠᠯ ᠳᠤ ᠣᠷᠣᠬᠤ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ᠂ ᠦᠢᠯᠡᠴᠢᠯᠡᠭᠡ ᠬᠦᠷᠭᠡᠬᠦ︾ | ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠡᠬᠡ ᠲᠠᠩᠰᠠ ᠶᠢ ᠡᠮᠬᠢᠯᠡᠨ ᠪᠠᠶᠢᠭᠤᠯᠵᠤ | ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠲᠣᠭᠲᠠᠭᠰᠠᠨ ᠬᠤᠭᠤᠴᠠᠭ᠎ᠠ ᠲᠠᠢ ᠪᠠᠷ ᠨᠡᠶᠢᠲᠡᠯᠡᠵᠦ᠂ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠭᠯᠡᠭᠦᠯᠦᠯᠲᠡ ᠴᠢᠨᠠᠷᠲᠠᠢ ᠥᠷᠨᠢᠭᠦᠯᠵᠦ᠂ ᠴᠢᠬᠤᠯᠠ ᠶᠡᠭᠡ ᠠᠵᠤ | ᠠᠬᠤᠶᠢᠯᠠᠯ ︵ᠲᠥᠷᠥᠯ ᠵᠦᠢᠯ︶ ᠳᠤ ᠠᠵᠢᠯ ᠤᠨ ᠪᠠᠶᠢᠷᠢ ᠭᠠᠷᠭᠠᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ | ᠶᠡᠷᠦᠩᠬᠡᠢ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︶ | 5. ︽ᠪᠡᠶ᠎ᠡ ᠳᠤᠨᠢ ᠲᠣᠬᠢᠷᠠᠭᠤᠯᠤᠨ ᠲᠣᠭᠲᠠᠭᠠᠬᠤ︾ ᠦᠢᠯᠡᠴᠢᠯᠡᠭᠡ ᠶᠢ ᠬᠡᠷᠡᠭᠵᠢᠭᠦᠯᠦᠨ᠎ᠡ᠃ ᠵᠢᠷᠭᠤᠭᠠᠨ | ᠶᠡᠭᠡ ᠠᠵᠤ ᠦᠢᠯᠡᠰ ᠤᠨ ᠪᠥᠭᠡᠮᠨᠡᠷᠡᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠰᠦ ᠶᠢᠨ ᠦᠢᠯᠡᠰ᠂ ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ | ᠭᠤᠣᠯᠳᠠᠯᠭ᠎ᠠ ᠲᠠᠢ ᠬᠥᠲᠥᠴᠢ ᠠᠵᠤ ᠦᠢᠯᠡᠰ ᠤᠨ ᠠᠵᠢᠯᠲᠠᠨ ᠡᠯᠰᠡᠬᠦ ᠦᠢᠯᠡᠴᠢᠯᠡᠭᠡᠨ ᠤ ᠲᠤᠰᠬᠠᠢ ᠠᠵᠢᠯᠯᠠᠭ᠎ᠠ ᠶᠢ | ᠴᠢᠭᠯᠡᠭᠦᠯᠦᠯᠲᠡ ᠴᠢᠨᠠᠷᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ︵ | ᠲᠥᠷᠥᠯ ᠵᠦᠢᠯ︶ ᠬᠢᠭᠡᠳ ᠬᠥᠳᠡᠯᠮᠦᠷᠢ ᠬᠦᠴᠦᠨ ᠬᠡᠷᠡᠭᠯᠡᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ᠂ ᠴᠢᠳᠠᠪᠤᠷᠢᠲᠠᠨ ᠬᠢᠭᠡᠳ ᠵᠠᠬ᠎ᠠ ᠳᠡᠯᠭᠡᠭᠦᠷ ᠢ ᠪᠦᠲᠦᠮᠵᠢᠲᠡᠶ ᠵᠣᠯᠭᠠᠭᠤᠯᠵᠤ᠂ ᠪᠥᠬᠦ ᠵᠢᠯ ᠳᠤ ᠲᠤᠰᠬᠠᠢ | ᠠᠵᠢᠯᠲᠠᠨ ᠡᠯᠰᠡᠬᠦ ᠠᠵᠢᠯᠯᠠᠭ᠎ᠠ ᠶᠢ 30 ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ | ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠯ᠎ᠡ | ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | 6. ᠠᠵᠢᠯᠲᠠᠨ ᠡᠯᠰᠡᠬᠦ ᠦᠢᠯᠡᠴᠢᠯᠡᠭᠡᠨ ᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠡᠯ᠎ᠡ | ᠬᠤᠰᠢᠭᠤ ᠰᠢᠶᠠᠨ ᠲᠣᠭᠤᠷᠢᠭ ᠨᠢ ᠬᠠᠷᠢᠶ᠎ᠠ ᠭᠠᠵᠠᠷ ᠤᠨ ᠠᠵᠤ ᠠᠬᠤᠶᠢᠯᠠᠯ ᠪᠣᠯᠣᠨ ᠣᠨᠴᠠᠯᠢᠭᠲᠤ ᠠᠵᠤ ᠦᠢᠯᠡᠰ ᠤᠨ | ᠳᠠᠪᠠᠭᠤᠯᠢᠭ ᠲᠤ ᠴᠢᠭᠯᠡᠭᠦᠯᠦᠨ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ | ᠭᠦᠨᠵᠡᠭᠡᠢ ᠠᠭᠤᠳᠠᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠶᠢᠳᠠᠯ ᠢ ᠡᠵᠡᠮᠰᠢᠨ᠂ ᠴᠠᠭ ᠲᠤᠨᠢ | ᠲᠣᠬᠢᠷᠠᠭᠤᠯᠤᠨ ᠠᠵᠢᠯᠲᠠᠨ ᠲᠤᠰᠬᠠᠢ ᠡᠯᠰᠡᠬᠦ᠂ ᠰᠦᠯᠵᠢᠶᠡᠨ ᠳᠡᠭᠡᠷ᠎ᠡ ᠡᠯᠰᠡᠬᠦ᠂ ᠰᠤᠷᠭᠠᠭᠤᠯᠢ ᠶᠢᠨ ᠬᠦᠷᠢᠶᠡᠨ ᠳᠤ | ᠣᠷᠣᠵᠤ ᠡᠯᠰᠡᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠴᠢᠳᠠᠪᠤᠷᠢᠲᠠᠨ ᠡᠯᠰᠡᠬᠦ | ᠦᠢᠯᠡᠴᠢᠯᠡᠭᠡ ᠶᠢ ᠲᠠᠰᠤᠷᠠᠯᠲᠠ ᠦᠭᠡᠢ ᠬᠠᠩᠭᠠᠵᠤ᠂ ᠪᠥᠬᠦ ᠵᠢᠯ ᠳᠤ ᠲᠤᠰᠬᠠᠢ ᠡᠯᠰᠡᠬᠦ ᠠᠵᠢᠯᠯᠠᠭ᠎ᠠ ᠶᠢ 70 ᠤᠳᠠᠭ᠎ᠠ | ᠠᠴᠠ ᠳᠡᠭᠡᠭᠰᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠡᠯ᠎ᠡ ᠬᠤᠰᠢᠭᠤ᠂ ᠰᠢᠶᠠᠨ᠂ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠲᠣᠪᠴᠢᠶ᠎ᠠ︶ | ︵ᠭᠤᠷᠪᠠ︶ ︽ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ | 7᠂ ᠦᠢᠯᠡᠰ ᠪᠣᠰᠬᠠᠬᠤ ᠴᠢᠳᠠᠪᠤᠷᠢ᠂ ᠲᠣᠭᠠᠴᠢᠯᠠᠬᠤ ᠠᠵᠢᠯ ᠮᠡᠷᠭᠡᠵᠢᠯ᠂ ᠦᠢᠯᠡᠳᠬᠦ ᠦᠢᠯᠡᠰ᠂ | ᠲᠠᠪᠴᠠᠩ ᠤᠨ ᠠᠵᠤ ᠠᠬᠤᠢ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠤ ᠤᠷ᠎ᠠ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠵᠢᠯ ᠳᠤ ᠡᠯ᠎ᠡ | ᠲᠦᠷᠦᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 100 | ᠠᠴᠠ ᠳᠡᠭᠡᠭᠰᠢ ᠤᠳᠠᠭ᠎ᠠ ᠥᠷᠨᠢᠭᠦᠯᠵᠦ᠂ ᠣᠶᠤᠲᠠᠳ ᠢ 5000 ᠬᠥᠮᠥᠨ ᠤᠳᠠᠭ᠎ᠠ ᠠᠴᠠ ᠳᠡᠭᠡᠭᠰᠢ ᠵᠣᠬᠢᠶᠠᠨ | ᠪᠠᠶᠢᠭᠤᠯᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠵᠠᠯᠠᠭᠤᠴᠤᠳ ᠢ ᠬᠠᠪᠰᠤᠷᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠪᠣᠯᠣᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠯᠠᠭᠤᠴᠤᠳ ᠤᠨ ᠠᠵᠢᠯ ᠮᠡᠷᠭᠡᠵᠢᠯ ᠢᠶᠠᠨ | ᠳᠡᠭᠡᠭᠰᠢᠯᠡᠭᠦᠯᠬᠦ ᠵᠠᠮ ᠢ ᠨᠡᠪᠲᠡᠷᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︶ | 8᠂ ᠤᠷ᠎ᠠ ᠮᠡᠷᠭᠡᠵᠢᠯ ᠲᠠᠢ ᠵᠠᠯᠠᠭᠤ ᠴᠢᠳᠠᠪᠤᠷᠢᠲᠠᠨ ᠢ ᠦᠨᠡᠯᠡᠵᠦ ᠤᠷᠮᠠᠰᠢᠭᠤᠯᠬᠤ ᠳᠦᠷᠢᠮ ᠢ | ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ︵ᠮᠡᠷᠭᠡᠵᠢᠯ ᠤᠨ ᠠᠵᠢᠯᠴᠢᠨ︶ ᠤᠨ ᠳᠡᠭᠡᠳᠦ | ᠰᠤᠷᠭᠠᠭᠤᠯᠢ ᠲᠠᠢ ᠬᠤᠯᠪᠤᠭᠠᠯᠠᠨ ᠲᠡᠭᠦᠰᠦᠭᠰᠡᠨ ᠰᠤᠷᠤᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ | ᠰᠢᠯᠭᠠᠵᠤ ᠦᠨᠡᠯᠡᠬᠦ ᠠᠵᠢᠯ ᠢ ᠶᠡᠬᠡᠪᠡᠷ ᠥᠷᠨᠢᠭᠦᠯᠵᠦ᠂ ᠪᠦᠬᠦ ᠵᠢᠯ ᠳᠤ ᠳᠤᠮᠳᠠ ᠵᠡᠷᠭᠡ ᠶᠢᠨ ᠠᠵᠢᠯᠴᠢᠨ ᠠᠴᠠ | ᠳᠡᠭᠡᠭᠰᠢᠬᠢ ᠵᠠᠯᠠᠭᠤ ᠮᠡᠷᠭᠡᠵᠢᠯ ᠤᠨ ᠠᠵᠢᠯᠴᠢᠨ ᠢ 8000 ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ ᠰᠢᠶᠠᠨ ᠤ | ᠬᠤᠶᠠᠷ ᠱᠠᠲᠤᠨ ᠤ ᠤᠷ᠎ᠠ ᠴᠢᠳᠠᠪᠤᠷᠢ ᠶᠢᠨ ᠤᠷᠤᠯᠳᠤᠭᠠᠨ ᠢ 10 ᠠᠴᠠ ᠳᠡᠭᠡᠭᠰᠢ ᠲᠠᠯᠠᠪᠠᠢ ᠵᠣᠬᠢᠶᠠᠨ ᠪᠠᠶᠢᠭᠤᠯᠵᠤ᠂ | ᠠᠬᠠᠯᠠᠭᠴᠢ ᠮᠠᠰᠲ᠋ᠧᠷ᠂ ᠮᠡᠷᠭᠡᠵᠢᠯ ᠤᠨ ᠭᠠᠷᠮᠠᠭᠠᠢ ᠴᠢᠳᠠᠪᠤᠷᠢᠲᠠᠨ᠂ ᠠᠵᠢᠯ ᠤᠨ ᠪᠠᠶᠢᠷᠢ ᠶᠢᠨ ᠵᠠᠯᠠᠭᠤ ᠭᠠᠷᠮᠠᠭᠠᠢ | ᠴᠢᠳᠠᠪᠤᠷᠢᠲᠠᠨ ᠢ 100 ᠠᠴᠠ ᠳᠡᠭᠡᠭᠰᠢ ᠰᠣᠩᠭᠤᠵᠤ᠂ ᠨᠢᠭᠡ ᠪᠦᠯᠦᠭ ᠰᠢᠨ᠎ᠡ ᠴᠠᠭ ᠦᠶ᠎ᠡ ᠶᠢᠨ ᠵᠠᠯᠠᠭᠤ ᠤᠷᠠᠨ | ᠳᠠᠷᠬᠠᠨ ᠤ ᠨᠡᠶᠢᠲᠡᠯᠢᠭ ᠵᠢᠱᠢᠶ᠎ᠡ ᠶᠢ ᠭᠤᠣᠯᠳᠠᠯᠭ᠎ᠠ ᠲᠠᠢ ᠪᠣᠶᠢᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ︶ | ︵ᠳᠥᠷᠪᠡ︶ ︽ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ | ︾ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ | 9. ᠤᠯᠤᠰ ᠤᠨ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠦᠢᠯᠡᠰ ᠤᠨ ᠬᠦᠷᠢᠶᠡᠯᠡᠩ ᠢ ᠪᠠᠶᠢᠭᠤᠯᠵᠤ᠂ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ | ᠪᠠᠶᠢᠭᠤᠯᠤᠮᠵᠢ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ᠵᠠᠬ᠎ᠠ | ᠳᠡᠯᠭᠡᠭᠦᠷ ᠲᠤ ᠲᠣᠬᠢᠷᠠᠬᠤ ᠪᠦᠲᠦᠭᠡᠭᠳᠡᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠬᠥᠮᠥᠨ ᠤ | ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠶᠢᠨ ᠠᠵᠢᠯ ᠲᠠᠨᠢᠯᠴᠠᠭᠤᠯᠬᠤ ᠳᠤ ᠨᠥᠬᠦᠪᠦᠷᠢᠯᠡᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠶᠢᠨ ᠪᠡᠯᠡ | ᠨᠡᠶᠢᠯᠡᠭᠦᠯᠬᠦ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠬᠥᠮᠥᠨ ᠤ ᠬᠦᠴᠦᠨ ᠤ ᠡᠬᠢ ᠪᠠᠶᠠᠯᠢᠭ ᠤᠨ | ᠲᠣᠭᠠᠴᠢᠯᠠᠭᠰᠠᠨ᠂ ᠣᠶᠣᠨᠴᠢᠯᠠᠭᠰᠠᠨ ᠦᠢᠯᠡᠴᠢᠯᠡᠭᠡᠨ ᠤ ᠲᠠᠪᠴᠠᠩ ᠵᠢᠴᠢ ᠲᠡᠷᠢᠭᠦᠨ ᠤ ᠬᠠᠮᠢᠶᠠᠷᠤᠯᠲᠠ ᠶᠢᠨ ᠵᠠᠭᠪᠤᠷ | ᠪᠠ ᠲᠤᠷᠰᠢᠯᠭ᠎ᠠ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠢ | ᠵᠣᠬᠢᠴᠠᠭᠤᠯᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠢᠷᠭᠤᠭᠠᠨ | ᠶᠡᠭᠡ ᠠᠵᠤ ᠦᠢᠯᠡᠰ ᠤᠨ ᠬᠥᠲᠥᠴᠢ ᠠᠵᠤ ᠠᠬᠤᠶᠢᠯᠠᠯ ᠳᠤ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠪᠠ | ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠡᠯᠰᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ | ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | 10᠂ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠣᠷᠣᠨ ᠤ | ᠭᠠᠳᠠᠨᠠᠬᠢ ᠲᠣᠮᠣ ᠳ᠋ᠠᠶᠢᠲ᠋ᠠ ᠳᠤ ᠵᠡᠭᠦᠯᠲᠡ ᠬᠠᠳᠠᠬᠤ᠂ ᠳᠠᠭᠤᠳᠠᠯᠲᠠ ᠶᠢ ᠭᠠᠳᠠᠭᠰᠢ ᠳᠠᠭᠠᠭᠠᠴᠢᠯᠠᠭᠤᠯᠬᠤ᠂ ᠵᠥᠭᠡᠯᠡᠨ | ᠲᠣᠨᠤᠭ ᠢ ᠭᠠᠳᠠᠭᠰᠢ ᠳᠠᠭᠠᠭᠠᠴᠢᠯᠠᠭᠤᠯᠬᠤ ᠵᠡᠷᠭᠡ ᠲᠤᠰᠬᠠᠶᠢᠯᠠᠭᠰᠠᠨ ᠭᠠᠳᠠᠭᠰᠢ ᠳᠠᠭᠠᠭᠠᠴᠢᠯᠠᠭᠤᠯᠬᠤ ᠶᠢ ᠣᠷᠣᠭᠤᠯᠤᠨ | ᠠᠪᠴᠢᠷᠠᠬᠤ ᠪᠠ ᠳᠠᠭᠠᠭᠠᠵᠤ ᠠᠪᠬᠤ ᠶᠢ ᠵᠣᠷᠢᠭᠵᠢᠭᠤᠯᠵᠤ᠂ ᠬᠥᠳᠡᠯᠮᠦᠷᠢ ᠬᠦᠴᠦ ᠶᠢ ᠲᠣᠮᠢᠯᠠᠬᠤ ᠪᠠ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠡᠷᠭᠡ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ | ᠠᠵᠢᠯᠴᠢᠨ ᠬᠡᠷᠡᠭᠯᠡᠬᠦ ᠬᠡᠯᠪᠡᠷᠢ ᠮᠠᠶ᠋ᠢᠭ ᠢ ᠢᠳᠡᠪᠬᠢᠲᠡᠢ ᠥᠷᠭᠡᠳᠬᠡᠨ᠂ ᠠᠵᠢᠯ ᠣᠯᠭᠤᠬᠤ ᠪᠠᠭᠲᠠᠭᠠᠮᠵᠢ ᠪᠠ ᠠᠵᠢᠯ | ᠣᠯᠭᠤᠬᠤ ᠣᠷᠣᠨ ᠵᠠᠢ ᠶᠢ ᠥᠷᠭᠡᠳᠬᠡᠨ᠎ᠡ︔ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠬᠤ ᠲᠠᠪᠴᠠᠩ | ᠪᠠ ᠬᠦᠷᠢᠶᠡᠯᠡᠩ ᠠᠵᠤ ᠠᠬᠤᠶᠢᠯᠠᠯ ᠤᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠥᠮᠥᠨ ᠤ | ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶ | ︵ᠲᠠᠪᠤ︶ ︽ᠠᠳᠠᠯ ᠦᠢᠯᠡᠰ ᠴᠣᠭᠴᠠᠯᠠᠬᠤ ᠶᠢ ᠲᠤᠰᠠᠯᠠᠬᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ | 11᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ᠂ ᠳᠤᠮᠳᠠ ᠵᠢᠵᠢᠭ | ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ᠂ ᠣᠯᠠᠨ ᠢᠶᠠᠷ ᠢᠶᠠᠨ | ᠠᠳᠠᠯ ᠦᠢᠯᠡᠰ ᠴᠣᠭᠴᠠᠯᠠᠬᠤ ᠣᠷᠣᠨ ᠵᠠᠢ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ | ᠵᠡᠷᠭᠡ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2024 | ᠣᠨ ᠳᠤ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ | ᠬᠤᠲᠠ ᠶᠢᠨ ᠳᠥᠷᠪᠡᠨ ᠲᠣᠭᠤᠷᠢᠭ ᠨᠢ ᠲᠣᠰ ᠲᠣᠰ ᠣᠨᠴᠠᠯᠢᠭ ᠢᠶᠠᠷ ᠢᠯᠡ ᠲᠣᠳᠣ᠂ ᠴᠢᠳᠠᠮᠵᠢ ᠪᠠᠷ ᠪᠦᠷᠢᠨ | ᠲᠡᠭᠦᠯᠳᠡᠷ᠂ ᠦᠷ᠎ᠡ ᠪᠦᠲᠦᠮᠵᠢ ᠪᠠᠷ ᠢᠯᠡᠷᠬᠡᠢ ᠣᠯᠠᠨ ᠨᠡᠶᠢᠲᠡ ᠶᠢᠨ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ 1 | ᠶᠢ ᠪᠠᠶᠢᠭᠤᠯᠵᠤ᠂ ᠡᠯ᠎ᠡ ᠬᠤᠰᠢᠭᠤ ᠰᠢᠶᠠᠨ ᠨᠢ ᠣᠷᠣᠨ ᠪᠦᠰᠡ ᠶᠢᠨ ᠣᠨᠴᠠᠯᠢᠭ ᠢᠶᠠᠨ ᠦᠨᠳᠦᠰᠦᠯᠡᠨ | ᠨᠤᠲᠤᠭ ᠲᠠᠭᠠᠨ ᠪᠤᠴᠠᠭᠰᠠᠨ ᠬᠥᠮᠥᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ | ᠭᠠᠵᠠᠷ 1 ᠶᠢ ᠪᠠᠶᠢᠭᠤᠯᠵᠤ᠂ ᠲᠠᠯᠠᠪᠤᠷ ᠤᠨ ᠲᠦᠷᠢᠶᠡᠰᠦᠨ ᠤ ᠨᠥᠬᠦᠪᠦᠷᠢ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠤᠨ᠂ ︽ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ︾ ᠪᠡᠯᠡ ᠮᠥᠩᠭᠦ ᠪᠠᠷ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | 12. ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ︵ᠪᠣᠳᠠᠲᠠᠢ ᠪᠣᠯᠪᠠᠰᠤᠷᠠᠭᠤᠯᠤᠯ︶ ᠪᠣᠯᠣᠨ ᠠᠳᠠᠯ | ᠦᠢᠯᠡᠰ ᠴᠣᠭᠴᠠᠯᠠᠬᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠶᠡᠬᠡᠪᠡᠷ ᠬᠡᠷᠡᠭᠵᠢᠭᠦᠯᠵᠦ᠂ ᠵᠢᠯ ᠤᠨ ᠳᠣᠲᠣᠷ᠎ᠠ | 5000 ᠠᠴᠠ ᠳᠡᠭᠡᠭᠰᠢ ᠣᠶᠤᠲᠠᠨ ᠢ ᠪᠣᠯᠪᠠᠰᠤᠷᠠᠭᠤᠯᠤᠨ᠎ᠠ︔ ᠠᠳᠠᠯ ᠦᠢᠯᠡᠰ ᠴᠣᠭᠴᠠᠯᠠᠬᠤ ᠪᠠᠲᠤᠯᠠᠭᠠᠲᠤ | ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ 10 ᠲᠦᠮᠡᠨ ᠲᠥᠭᠦᠷᠢᠭ ᠠᠴᠠ ᠳᠣᠷᠣᠭᠰᠢᠬᠢ ᠠᠳᠠᠯ | ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢᠨ ᠪᠠᠲᠤᠯᠠᠭ᠎ᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠵᠢᠯ ᠤᠨ ᠳᠣᠲᠣᠷ᠎ᠠ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ | 1 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠯᠪᠢᠨ᠎ᠠ᠃ ︽ᠳᠤᠮᠳᠠᠳᠤ ᠤᠯᠤᠰ ᠤᠨ ᠪᠦᠲᠦᠭᠡᠯᠴᠢ ᠶᠢᠨ ᠵᠢᠭᠦᠷ︾ | ᠬᠥᠬᠡᠬᠤᠲᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ᠂ ︽ᠢᠨᠲ᠋ᠧᠷ ᠰᠦᠯᠵᠢᠶ᠎ᠡ +︾ | ᠰᠢᠨ᠎ᠡ ᠡᠭᠦᠳᠦᠯᠲᠡ ᠪᠦᠲᠦᠭᠡᠯᠴᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠠᠳᠠᠯ ᠦᠢᠯᠡᠰ ᠴᠣᠭᠴᠠᠯᠠᠭᠰᠠᠨ ᠵᠠᠯᠠᠭᠤᠴᠤᠳ ᠤᠨ ᠨᠡᠶᠢᠲᠡᠯᠢᠭ ᠵᠢᠱᠢᠶ᠎ᠡ ᠶᠢ ᠰᠣᠩᠭᠤᠨ ᠳᠠᠭᠤᠷᠢᠶᠠᠯ ᠪᠣᠯᠭᠠᠵᠤ᠂ | ᠠᠳᠠᠯ ᠦᠢᠯᠡᠰ ᠴᠣᠭᠴᠠᠯᠠᠬᠤ ᠠᠭᠤᠷ ᠠᠮᠢᠰᠬᠤᠯ ᠢ ᠵᠤᠵᠠᠭᠠᠳᠬᠠᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠡᠪᠯᠡᠯ ᠤᠨ ᠬᠤᠷᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | 13. ᠣᠶᠤᠨᠴᠢ ᠦᠢᠯᠡᠳᠬᠦ᠂ ᠢᠨᠲ᠋ᠧᠷ ᠰᠦᠯᠵᠢᠶ᠎ᠡ ᠳᠡᠭᠡᠷ᠎ᠡ ᠡᠵᠡᠩᠨᠡᠨ ᠪᠣᠷᠣᠯᠠᠭᠤᠯᠬᠤ᠂ ᠰᠢᠨ᠎ᠡ | ᠵᠠᠭᠤᠴᠢᠯᠠᠭᠤᠷ ᠤᠨ ᠡᠵᠡᠩᠨᠡᠯᠲᠡ ᠵᠡᠷᠭᠡ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠤᠨ ᠲᠣᠭᠤᠷᠢᠨ ᠳᠤ᠂ ᠠᠵᠢᠯ | ᠣᠯᠭᠤᠬᠤ ᠠᠵᠢᠯ ᠤᠨ ᠪᠠᠶᠢᠷᠢ ᠶᠢ ᠠᠭᠤᠳᠠᠯᠵᠤ᠂ ᠵᠣᠯᠭᠠᠭᠤᠯᠬᠤ ᠲᠠᠪᠴᠠᠩ ᠢ ᠪᠠᠶᠢᠭᠤᠯᠤᠨ᠂ ᠠᠵᠢᠯ ᠤᠨ ᠪᠠᠶᠢᠷᠢ ᠶᠢᠨ | ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠡᠭᠦᠰᠬᠦ ᠰᠤᠷᠤᠭᠴᠢᠳ ᠤᠨ ᠬᠠᠮᠲᠤᠪᠠᠷ ᠡᠳ᠋ᠯᠡᠬᠦ | ᠠᠵᠤ ᠠᠬᠤᠢ᠂ ᠲᠠᠪᠴᠠᠩ ᠤᠨ ᠠᠵᠤ ᠠᠬᠤᠢ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠢᠴᠢ ᠰᠢᠨ᠎ᠡ ᠪᠠᠷ ᠪᠣᠶ | ᠪᠣᠯᠤᠭᠰᠠᠨ ᠠᠵᠤ ᠦᠢᠯᠡᠰ ᠲᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠥᠲᠥᠯᠥᠨ ᠵᠢᠯᠣᠭᠤᠳᠤᠨ᠎ᠠ᠃ | ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ | ᠲᠡᠭᠦᠰᠦᠭᠰᠡᠳ ᠠᠮᠢᠳᠤᠯᠢᠭ ᠢᠶᠠᠷ ᠠᠵᠢᠯ ᠣᠯᠣᠭᠰᠠᠨ ᠪᠠᠶᠢᠪᠠᠯ᠂ ᠲᠣᠭᠲᠠᠭᠠᠯ ᠶᠣᠰᠣᠭᠠᠷ 2 ᠵᠢᠯ ᠠᠴᠠ ᠥᠯᠥ | ᠬᠡᠲᠦᠷᠡᠬᠦ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ | ᠄ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ | ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ︽ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ | 14. ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠡᠯᠰᠡᠬᠦ ᠬᠡᠪᠴᠢᠶ᠎ᠡ ᠶᠢ | ᠲᠣᠭᠲᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠮᠤᠵᠢ ᠶᠢᠨ ᠰᠢᠯᠭᠠᠯᠲᠠ ᠶᠢᠨ ᠨᠡᠷ᠎ᠡ | ᠮᠡᠳᠡᠭᠦᠯᠬᠦ᠂ ᠰᠢᠯᠭᠠᠯᠲᠠ ᠬᠢᠬᠦ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠠᠵᠢᠯ ᠢ ᠰᠠᠶᠢᠲᠤᠷ ᠡᠷᠬᠢᠯᠡᠨ᠎ᠡ᠃ ᠪᠥᠬᠦ | ᠵᠢᠯ ᠳᠤ ᠪᠥᠬᠦ ᠬᠤᠲᠠ ᠳᠤ 2000 ᠠᠴᠠ ᠳᠣᠣᠷ᠎ᠠ ᠦᠭᠡᠢ ᠠᠵᠢᠯ ᠦᠢᠯᠡᠰ ᠤᠨ ᠨᠢᠭᠡᠴᠢ ᠶᠢᠨ ᠠᠵᠢᠯ ᠤᠨ | ᠪᠠᠶᠢᠷᠢ ᠭᠠᠷᠭᠠᠨ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠵᠦ᠂ ᠪᠥᠬᠦ ᠬᠤᠲᠠ ᠶᠢᠨ ᠠᠵᠢᠯ ᠦᠢᠯᠡᠰ ᠤᠨ | ᠨᠢᠭᠡᠴᠢ ᠶᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ | ᠲᠥᠪᠯᠡᠷᠡᠭᠦᠯᠦᠨ ᠠᠵᠢᠯᠲᠠᠨ ᠡᠯᠰᠡᠬᠦ ᠠᠵᠢᠯᠯᠠᠭ᠎ᠠ ᠳᠤ ᠣᠷᠣᠯᠴᠠᠭᠤᠯᠵᠤ᠂ ᠢᠯᠡ ᠪᠠᠷ ᠠᠵᠢᠯᠲᠠᠨ ᠡᠯᠰᠡᠬᠦ ᠠᠵᠢᠯ ᠢ | ᠡᠷᠲᠡᠬᠡᠨ ᠠᠴᠠ ᠵᠣᠬᠢᠶᠠᠨ ᠪᠠᠶᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠶᠢᠨ ᠭᠤᠷᠪᠠᠨ ᠮᠤᠵᠢ | ᠵᠡᠷᠭᠡ ᠣᠷᠣᠨ ᠤ ᠭᠠᠳᠠᠨᠠᠬᠢ ᠳᠡᠭᠡᠳᠦ ᠰᠤᠷᠭᠠᠭᠤᠯᠢ ᠳᠤ ᠬᠦᠷᠴᠦ ᠴᠢᠳᠠᠪᠤᠷᠢᠲᠠᠨ ᠡᠯᠰᠡᠨ ᠣᠶᠤᠨ ᠣᠷᠣᠭᠤᠯᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠩ ᠣᠯᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ | ᠬᠥᠬᠡᠬᠤᠲᠠ ᠳᠤ ᠢᠷᠡᠵᠦ ᠠᠵᠢᠯ ᠣᠯᠬᠤ ᠪᠠ ᠬᠥᠬᠡᠬᠤᠲᠠ ᠳᠤ ᠪᠤᠴᠠᠵᠤ ᠠᠵᠢᠯ ᠣᠯᠬᠤ ᠶᠢ ᠠᠬᠢᠭᠤᠯᠤᠨ᠎ᠠ᠃ ︵ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 15. ᠡᠯ᠎ᠡ ᠲᠥᠷᠥᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ | ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠬᠦ ᠲᠥᠯᠥᠪᠯᠡᠭᠡ ᠪᠠ ᠵᠠᠯᠠᠭᠤᠴᠤᠳ ᠤᠨ | ᠳᠠᠳᠤᠯᠭ᠎ᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠠᠷᠠᠳ ᠤᠨ | ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠪᠠ ︽ᠪᠠᠷᠠᠭᠤᠨ ᠣᠷᠣᠨ ᠤ ᠰᠠᠶᠢᠨ | ᠳᠤᠷ᠎ᠠ ᠶᠢᠨ ᠦᠢᠯᠡᠴᠢᠯᠡᠭᠴᠢ︾ ᠶᠢᠨ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠯ ᠤᠨ ᠳᠣᠲᠣᠷ᠎ᠠ | ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠳᠤ 4000 ᠠᠴᠠ ᠳᠡᠭᠡᠭᠰᠢ ᠣᠶᠤᠲᠠᠨ ᠢ ᠡᠯᠰᠡᠨ | ᠬᠡᠷᠡᠭᠯᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠪᠯᠡᠯ ᠤᠨ ᠬᠤᠷᠢᠶ᠎ᠠ︶ | 16᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠦᠨᠳᠦᠰᠦᠨ | ᠱᠠᠲᠤᠨ ᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠠᠭᠤᠳᠠᠯᠵᠤ᠂ ᠲᠤᠰᠠᠯᠠᠬᠤ | ᠴᠠᠭᠳᠠᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠣᠩᠬᠤ ᠵᠡᠷᠭᠡ ᠠᠵᠢᠯ ᠤᠨ ᠪᠠᠶᠢᠷᠢ ᠶᠢ ᠶᠡᠬᠡᠪᠡᠷ ᠨᠡᠭᠡᠭᠡᠨ | ᠬᠥᠭᠵᠢᠭᠦᠯᠵᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠣᠶᠤᠲᠠᠳ ᠤᠨ ᠦᠨᠳᠦᠰᠦᠨ ᠱᠠᠲᠤᠨ ᠳᠤ ᠣᠴᠢᠵᠤ ᠠᠵᠢᠯ ᠣᠯᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ | ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ | ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠳᠣᠯᠤᠭ᠎ᠠ︶ ︽ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ | 17. ᠠᠵᠢᠯ ᠤᠨ ᠪᠠᠶᠢᠷᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ | ᠃ ᠳᠡᠭᠡᠳᠦ ᠰᠤᠷᠭᠠᠭᠤᠯᠢ ᠲᠡᠭᠦᠰᠦᠭᠰᠡᠳ ᠢ ᠲᠥᠷᠥᠯ ᠬᠤᠪᠢᠶᠠᠭᠰᠠᠨ ᠡᠬᠡ ᠲᠠᠩᠰᠠ ᠶᠢ ᠡᠮᠬᠢᠯᠡᠨ ᠪᠠᠶᠢᠭᠤᠯᠵᠤ᠂ | ᠲᠤᠰᠬᠠᠢ ᠵᠦᠢᠯ ᠤᠨ ᠠᠵᠢᠯ ᠤᠨ ᠪᠠᠶᠢᠷᠢ ᠬᠦᠷᠭᠡᠬᠦ ᠦᠢᠯᠡᠴᠢᠯᠡᠭᠡ ᠶᠢ ᠴᠢᠭᠯᠡᠭᠦᠯᠦᠯᠲᠡ ᠴᠢᠨᠠᠷᠲᠠᠢ ᠥᠷᠨᠢᠭᠦᠯᠦᠨ᠎ᠡ᠃ | ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠦᠢᠯᠡᠴᠢᠯᠡᠭᠡᠨ ᠤ ᠠᠵᠢᠯ ᠤᠨ | ᠥᠷᠲᠡᠭᠡ ᠶᠢᠨ ᠴᠢᠳᠠᠮᠵᠢ ᠶᠢ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ | ᠰᠦᠯᠵᠢᠶ᠎ᠡ ᠬᠢᠭᠡᠳ ᠣᠯᠠᠨ ᠨᠡᠶᠢᠲᠡ ᠶᠢᠨ ᠠᠵᠢᠯ ᠣᠯᠭᠤᠯᠲᠠ ᠴᠢᠳᠠᠪᠤᠷᠢᠲᠠᠨ ᠤ ᠦᠢᠯᠡᠴᠢᠯᠡᠭᠡᠨ ᠤ ᠰᠦᠯᠵᠢᠶ᠎ᠡ ᠶᠢ | ᠪᠦᠬᠦ ᠲᠠᠯ᠎ᠠ ᠪᠠᠷ ᠵᠠᠯᠭᠠᠯᠳᠤᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠣᠬᠢᠷᠠᠬᠤ ᠠᠵᠢᠯ ᠤᠨ ᠪᠠᠶᠢᠷᠢ ᠶᠢᠨ ᠮᠡᠳᠡᠭᠡ | ᠵᠠᠩᠭᠢ ᠶᠢ ᠥᠷᠭᠡᠨ ᠢᠶᠠᠷ ᠴᠤᠭᠯᠠᠭᠤᠯᠤᠨ ᠰᠢᠯᠢᠨ ᠰᠣᠩᠭᠤᠵᠤ᠂ ᠣᠯᠠᠨ ᠨᠡᠶᠢᠲᠡ ᠶᠢᠨ ᠠᠵᠢᠯᠲᠠᠨ ᠡᠯᠰᠡᠬᠦ ᠰᠦᠯᠵᠢᠶ᠎ᠡ | ᠵᠡᠷᠭᠡ ᠲᠠᠪᠴᠠᠩ ᠢᠶᠠᠷ ᠴᠠᠭ ᠲᠤᠬᠠᠢ ᠳᠤᠨᠢ ᠨᠡᠶᠢᠲᠡᠯᠡᠵᠦ᠂ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ | ᠲᠡᠭᠦᠰᠦᠭᠰᠡᠳ ᠤᠨ ᠬᠥᠬᠡᠬᠤᠲᠠ ᠳᠤ ᠦᠯᠡᠳᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ | ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | 18. ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠠᠵᠢᠯᠯᠠᠭ᠎ᠠ ᠶᠢ ᠥᠷᠨᠢᠭᠦᠯᠦᠨ᠎ᠡ᠃ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ | ᠪᠣᠳᠣᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠲᠥᠷᠥ ᠶᠢᠨ | ᠪᠣᠳᠣᠯᠭ᠎ᠠ ᠶᠢᠨ ᠬᠠᠪᠰᠤᠷᠤᠨ ᠵᠢᠯᠣᠭᠤᠳᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠣᠯᠭᠤᠬᠤ ᠴᠢᠭᠯᠡᠯᠲᠡ ᠪᠠ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠤᠨ᠂ ᠬᠥᠬᠡᠬᠤᠲᠠ ᠶᠢ ᠶᠡᠬᠡᠪᠡᠷ | ᠲᠠᠨᠢᠯᠴᠠᠭᠤᠯᠤᠨ ᠤᠬᠠᠭᠤᠯᠵᠤ᠂ ᠣᠶᠤᠲᠠᠳ ᠤᠨ ᠣᠷᠣᠨ ᠤ ᠲᠥᠪ ᠢᠶᠠᠨ ᠬᠠᠶᠢᠷᠠᠯᠠᠬᠤ᠂ ᠣᠷᠣᠨ ᠤ ᠲᠥᠪ ᠲᠤ | ᠦᠨᠳᠦᠰᠦ ᠬᠠᠳᠬᠤᠬᠤ᠂ ᠣᠷᠣᠨ ᠤ ᠲᠥᠪ ᠢ ᠪᠦᠲᠦᠭᠡᠨ ᠪᠠᠶᠢᠭᠤᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ | ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 30 ᠠᠴᠠ ᠳᠤᠲᠠᠭᠤ ᠦᠭᠡᠢ ᠲᠠᠯᠠᠪᠠᠢ ᠥᠷᠨᠢᠭᠦᠯᠦᠨ᠎ᠡ᠃ ︵ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | 19. ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠭᠤᠬᠤ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠤᠷᠭᠠᠭᠤᠯᠢ ᠠᠴᠠ ᠪᠠᠨ ᠰᠠᠯᠤᠭᠠᠳ | ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢ | ᠲᠡᠭᠦᠯᠳᠡᠷᠵᠢᠭᠦᠯᠵᠦ᠂ ᠬᠥᠬᠡᠬᠤᠲᠠ ᠶᠢᠨ ᠡᠷᠦᠬᠡ ᠠᠮᠠ ᠶᠢᠨ ᠲᠠᠩᠰᠠ ᠲᠠᠢ᠂ ᠬᠥᠬᠡᠬᠤᠲᠠ ᠳᠤ ᠪᠠᠶᠢᠩᠭᠤ ᠰᠠᠭᠤᠭ᠎ᠠ | ᠪᠠ ᠭᠠᠳᠠᠷ ᠣᠷᠣᠨ ᠠᠴᠠ ᠬᠥᠬᠡᠬᠤᠲᠠ ᠳᠤ ᠠᠵᠢᠯ ᠡᠷᠢᠬᠦ ᠪᠠᠷ ᠢᠷᠡᠭᠰᠡᠨ ᠲᠣᠰ ᠬᠤᠭᠤᠴᠠᠭᠠᠨ ᠤ ᠰᠤᠷᠭᠠᠭᠤᠯᠢ | ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠦᠢᠯᠡᠴᠢᠯᠡᠭᠡ ᠬᠠᠩᠭᠠᠬᠤ ᠪᠠ ᠬᠠᠪᠰᠤᠷᠤᠨ ᠳᠡᠮᠵᠢᠵᠦ᠂ ᠮᠠᠨ ᠤ ᠬᠤᠲᠠ ᠶᠢᠨ ᠰᠤᠷᠭᠠᠭᠤᠯᠢ ᠠᠴᠠ ᠪᠠᠨ ᠰᠠᠯᠤᠭᠠᠳ | ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠭᠦᠢᠴᠡᠳ ᠠᠵᠢᠯ ᠣᠯᠭᠤᠬᠤ ᠶᠢ ᠠᠬᠢᠭᠤᠯᠤᠨ᠎ᠠ᠃ | ᠵᠢᠯ ᠤᠨ ᠳᠣᠲᠣᠷ᠎ᠠ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠭᠤᠯᠲᠠ ᠶᠢᠨ ᠨᠤᠷᠮ᠎ᠠ ᠶᠢ 90% ᠠᠴᠠ ᠳᠠᠪᠠᠭᠤᠯᠤᠨ᠎ᠠ᠃ ︵ᠲᠦᠷᠦᠭᠦᠯᠡᠨ ᠬᠢᠬᠦ | ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠨᠠᠢᠮᠠ︶ ︽ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ | 20. ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ 2024 ᠣᠨ ᠳᠤ | ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ᠂ ᠠᠵᠤ ᠠᠬᠤᠶᠢᠯᠠᠯ ᠠᠴᠠ ᠲᠣᠬᠢᠷᠠᠭᠤᠯᠤᠨ ᠪᠠᠶᠢᠭᠤᠯᠬᠤ ᠪᠠ ᠵᠠᠬ᠎ᠠ | ᠳᠡᠯᠭᠡᠭᠦᠷ ᠠᠴᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 2000 ᠨᠡᠶᠢᠲᠡ ᠶᠢᠨ | ᠲᠦᠷᠢᠶᠡᠰᠦᠨ ᠣᠷᠣᠨ ᠰᠠᠭᠤᠴᠠ᠂ 3000 ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠴᠤᠭᠯᠠᠭᠤᠯᠤᠨ᠎ᠠ᠃ ᠮᠠᠨ ᠤ ᠬᠤᠲᠠ ᠳᠤ ᠭᠡᠷ ᠪᠠᠶᠢᠰᠢᠩ ᠦᠭᠡᠢ ᠵᠠᠯᠠᠭᠤᠴᠤᠳ ᠂ ᠰᠢᠨ᠎ᠡ ᠬᠤᠲᠠ ᠶᠢᠨ | ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠭᠤᠶᠤᠴᠢᠯᠠᠵᠤ ᠰᠠᠭᠤᠬᠤ ᠳᠤ᠂ ᠲᠦᠷᠢᠶᠡᠰᠦᠨ | ᠮᠥᠩᠭᠦ ᠶᠢ ᠵᠠᠬ᠎ᠠ ᠳᠡᠯᠭᠡᠭᠦᠷ ᠤᠨ ᠦᠨ᠎ᠡ ᠶᠢᠨ 70% ᠠᠴᠠ ᠬᠡᠲᠦᠷᠡᠭᠦᠯᠬᠦ ᠦᠭᠡᠢ᠃ ︵ᠲᠦᠷᠦᠭᠦᠯᠡᠨ ᠬᠢᠬᠦ ᠨᠢᠭᠡᠴᠢ | ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ︶ | 21. ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ | ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ | ᠴᠢᠩᠭᠠᠳᠬᠠᠨ᠎ᠠ᠃ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠶᠣᠰᠣᠲᠠᠢ ᠶᠢ ᠪᠦᠬᠦᠨ ᠢ ᠬᠢᠨᠠᠨ | ᠵᠥᠪᠰᠢᠶᠡᠷᠡᠵᠦ᠂ ᠲᠠᠷᠬᠠᠭᠠᠬᠤ ᠶᠣᠰᠣᠲᠠᠢ ᠶᠢ ᠪᠦᠬᠦᠨ ᠢ ᠲᠠᠷᠬᠠᠭᠠᠵᠤ᠂ ᠡᠳ᠋ᠯᠡᠬᠦ ᠶᠣᠰᠣᠲᠠᠢ ᠶᠢ ᠪᠦᠬᠦᠨ ᠢ | ᠡᠳ᠋ᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠡᠳ᠋ ᠤᠨ ᠵᠠᠰᠠᠭ ᠤᠨ ᠲᠣᠪᠴᠢᠶ᠎ᠠ︶ | 22. ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ᠂ | ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ | ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠪᠠ | ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠠᠶᠢᠭᠤᠯᠬᠤ ᠳᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠶᠢᠨ | ᠬᠠᠮᠲᠤ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠭᠦᠯᠦᠨ᠎ᠡ᠃ | ᠥᠮᠴᠢᠯᠡᠯ ᠤᠨ ᠡᠷᠬᠡ ᠨᠢ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠬᠠᠷᠢᠶᠠᠯᠠᠭᠳᠠᠪᠠᠯ᠂ | ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠶᠢᠨ 15% ᠪᠠᠷ ᠨᠥᠬᠦᠪᠦᠷᠢ ᠣᠯᠭᠤᠵᠤ᠂ ᠬᠠᠮᠤᠭ | ᠥᠨᠳᠥᠷ ᠲᠡᠭᠡᠨ 2000 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠭᠡᠳ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ | ᠪᠠᠳᠠᠷᠠᠭᠤᠯᠵᠤ᠂ ᠡᠯ᠎ᠡ ᠵᠦᠢᠯ ᠤᠨ ᠠᠵᠢᠯᠯᠠᠭ᠎ᠠ ᠶᠢᠨ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭᠠᠲᠠᠨ ᠪᠠ | ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ᠃ ᠡᠯ᠎ᠡ ᠵᠦᠢᠯ ᠤᠨ ᠠᠵᠢᠯᠯᠠᠭ᠎ᠠ ᠶᠢᠨ ᠲᠦᠷᠦᠭᠦᠯᠡᠨ ᠬᠢᠬᠦ | ᠨᠢᠭᠡᠴᠢ ᠵᠢᠴᠢ ᠬᠠᠷᠢᠭᠤᠴᠠᠯᠭᠠᠲᠤ ᠨᠢᠭᠡᠴᠢ ᠨᠦᠭᠦᠳ ᠲᠣᠰ ᠠᠵᠢᠯᠯᠠᠭ᠎ᠠ ᠶᠢᠨ ᠲᠥᠰᠥᠯ ᠤᠨ ᠰᠠᠭᠤᠷᠢᠨ ᠳᠡᠭᠡᠷ᠎ᠡ | ᠨᠠᠶᠢᠳᠠᠪᠤᠷᠢᠵᠢᠭᠤᠯᠬᠤ ᠲᠥᠰᠥᠯ ᠲᠣᠭᠲᠠᠭᠠᠵᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ | ᠪᠣᠳᠠᠲᠠᠢ ᠠᠭᠤᠯᠭ᠎ᠠ ᠪᠠ ᠪᠡᠶᠡᠯᠡᠭᠦᠯᠬᠦ ᠴᠠᠭ ᠢ ᠲᠣᠳᠣᠷᠬᠠᠶᠢᠯᠠᠬᠤ ᠶᠢᠨ ᠬᠠᠮᠲᠤ ᠲᠦᠷᠦᠭᠦᠯᠡᠨ ᠬᠢᠬᠦ ᠨᠢᠭᠡᠴᠢ ᠶᠢᠨ | ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠰᠠᠷ᠎ᠠ ᠪᠠᠷ ᠲᠣᠬᠢᠷᠠᠭᠤᠯᠬᠤ᠂ ᠤᠯᠠᠷᠢᠯ ᠢᠶᠠᠷ ᠮᠡᠳᠡᠭᠡᠯᠡᠬᠦ | ᠳᠦᠷᠢᠮ ᠢ ᠬᠡᠷᠡᠭᠵᠢᠭᠦᠯᠦᠨ᠂ ᠡᠯ᠎ᠡ ᠵᠦᠢᠯ ᠤᠨ ᠠᠵᠢᠯᠯᠠᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠰᠠᠯᠠᠭ᠎ᠠ ᠮᠥᠴᠢᠷ ᠤᠨ ᠵᠣᠬᠢᠴᠠᠭᠤᠯᠭ᠎ᠠ ᠶᠢ ᠴᠢᠩᠭᠠᠳᠬᠠᠨ᠎ᠠ᠃ ᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠥᠭᠵᠢᠭᠦᠯᠦᠯᠲᠡ ᠥᠭᠡᠷᠡᠴᠢᠯᠡᠯᠲᠡ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠬᠤᠳᠠᠯᠳᠤᠭᠠᠨ ᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠯᠦᠭᠡ | ᠢᠳᠡᠪᠬᠢᠲᠡᠢ ᠪᠠᠷ ᠵᠣᠯᠭᠠᠭᠤᠯᠤᠨ ᠬᠠᠷᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠬᠥᠬᠡᠬᠤᠲᠠ ᠳᠤ | ᠰᠠᠭᠤᠭ᠎ᠠ ᠳᠡᠭᠡᠳᠦ ᠰᠤᠷᠭᠠᠭᠤᠯᠢ ᠯᠤᠭ᠎ᠠ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠬᠠᠷᠢᠯᠴᠠᠵᠤ᠂ ᠬᠥᠬᠡᠬᠤᠲᠠ ᠳᠤ | ᠰᠠᠭᠤᠭ᠎ᠠ ᠳᠡᠭᠡᠳᠦ ᠰᠤᠷᠭᠠᠭᠤᠯᠢ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠤᠨ ᠬᠠᠷᠢᠯᠴᠠᠬᠤ | ᠥᠷᠲᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠴᠢᠨᠠᠷ | ᠰᠠᠶᠢᠲᠠᠢ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃ | ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠂ ᠣᠶᠤᠲᠠᠳ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ ᠢ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠭᠠᠨ᠂ | ᠡᠯ᠎ᠡ ᠵᠦᠢᠯ ᠤᠨ ᠠᠵᠢᠯᠯᠠᠭ᠎ᠠ ᠶᠢ ᠪᠠᠶᠢᠷᠢᠯᠠᠭᠤᠯᠬᠤ᠂ ᠨᠠᠶᠢᠳᠠᠪᠤᠷᠢᠵᠢᠭᠤᠯᠬᠤ᠂ ᠳ᠋ᠦᠩᠨᠡᠬᠦ ᠪᠠ ᠤᠬᠠᠭᠤᠯᠬᠤ ᠠᠵᠢᠯ ᠢ | ᠵᠡᠷᠭᠡ ᠳᠤᠨᠢ ᠶᠠᠪᠤᠭᠳᠠᠭᠤᠯᠵᠤ᠂ ᠨᠡᠶᠢᠭᠡᠮ ᠤᠨ ᠡᠯ᠎ᠡ ᠡᠲᠡᠭᠡᠳ᠂ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ | ᠪᠣᠯᠣᠨ ᠥᠷᠭᠡᠨ ᠣᠯᠠᠨ ᠰᠤᠷᠤᠭᠴᠢᠳ ᠤᠨ ᠬᠥᠬᠡᠬᠤᠲᠠ ᠳᠤ ᠦᠯᠡᠳᠡᠬᠦ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | |