ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠤ ᠠᠵᠢᠯ ᠵᠢᠴᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/29
     ᠾᠧᠨᠠᠨ ᠤ ᠨᠠᠨᠶᠠᠩ ᠤᠨ ︽1 · 19︾ ᠤ ᠬᠦᠨᠳᠦ ᠶᠡᠭᠡ ᠭᠠᠯ ᠠᠯᠳᠠᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠦᠬᠦ ᠰᠢᠶᠠᠨ ᠤ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 25 ᠤ ᠡᠳᠦᠷ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠲᠠᠢ ᠬᠠᠮᠲᠤᠷᠠᠨ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠤ ᠠᠵᠢᠯ ᠵᠢᠴᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠤᠯᠪᠣᠭᠳᠠᠯ ᠪᠦᠬᠦᠢ ᠬᠥᠮᠦᠰ ᠵᠢᠴᠢ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ᠂ ᠬᠠᠮᠢᠶᠠᠷᠤᠭᠴᠢ ᠲᠤᠰ ᠤᠳᠠᠭᠠᠨ ᠤ ᠬᠤᠷᠠᠯ ᠳᠤ ᠣᠷᠣᠯᠴᠠᠪᠠ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠲᠠᠳ ᠭᠠᠯ ᠤᠨᠲᠠᠷᠠᠭᠠᠬᠤ ᠠᠮᠤᠷ ᠲᠦᠪᠰᠢᠨ ᠤ ᠵᠠᠮ ᠪᠠ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠭᠰᠠᠨ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠭᠰᠡᠨ ᠵᠢᠴᠢ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ᠂ ᠲᠣᠭᠲᠠᠭᠠᠯ ᠠᠴᠠ ᠵᠥᠷᠢᠴᠡᠨ ᠴᠠᠬᠢᠯᠭᠠᠨ ᠬᠡᠷᠡᠭᠯᠡᠭᠰᠡᠨ ᠵᠡᠷᠭᠡ ᠦᠨᠡᠨ ᠪᠣᠳᠠᠲᠠᠶ ᠬᠡᠷᠡᠭ ᠤᠨ ᠵᠢᠱᠢᠶ᠎ᠡ ᠠᠴᠠ ᠬᠥᠮᠦᠨ ᠬᠠᠷ᠎ᠠ ᠠᠳᠡᠵᠦ ᠰᠢᠷᠬᠠᠲᠤᠭᠰᠠᠨ ᠰᠢᠯᠲᠠᠭᠠᠨ ᠪᠠ ᠰᠤᠷᠭᠠᠮᠵᠢ ᠶᠢ ᠨᠠᠷᠢᠨ ᠨᠢᠭᠲᠠ ᠵᠠᠳᠠᠯᠤᠭᠰᠠᠨ ᠪᠠᠶᠢᠨ᠎ᠠ᠃ ᠭᠠᠯ ᠤᠨᠲᠠᠷᠠᠭᠠᠭᠴᠢ ᠪᠣᠳᠠᠲᠠᠶ ᠠᠵᠢᠯᠯᠠᠬᠤ ᠪᠠᠷ ᠭᠤᠣᠯ ᠪᠣᠯᠭᠠᠵᠤ᠂ ᠲᠤᠬᠠᠶ ᠶᠢᠨ ᠲᠠᠯᠠᠪᠤᠷ ᠲᠤ ᠪᠠᠭ᠎ᠠ ᠬᠡᠯᠪᠡᠷᠢ ᠶᠢᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠦᠵᠡᠭᠦᠯᠦᠨ᠂ ᠲᠦᠭᠰᠢᠭᠦᠷᠢ ᠮᠡᠳᠡᠭᠦᠯᠬᠦ ᠳᠤ ᠬᠦᠷᠪᠡᠯ ᠲᠦᠭᠰᠢᠭᠦᠷᠢ ᠮᠡᠳᠡᠭᠦᠯᠦᠭᠰᠡᠨ ᠠᠳᠡᠯ ᠢ ᠬᠡᠷᠬᠢᠨ ᠵᠢᠭᠰᠠᠭᠠᠨ ᠪᠠᠶᠢᠴᠠᠭᠠᠬᠤ ᠪᠠ ᠵᠥᠪ ᠢᠶᠠᠷ ᠰᠢᠢᠳᠪᠦᠷᠢᠯᠡᠬᠦ ᠶᠢ ᠦᠵᠡᠭᠦᠯᠪᠡ᠃      ᠬᠤᠷᠠᠯ ᠠᠴᠠ᠂ ᠠᠮᠤᠷ ᠲᠦᠪᠰᠢᠨ ᠤ ᠠᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠭᠠᠷ ᠲᠠᠭᠠᠨ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠪᠣᠳᠠᠲᠠᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠂ ᠡᠷᠬᠡᠪᠰᠢ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ︔ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨᠬᠦ ᠲᠣᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠡᠳᠦᠷ ᠲᠤᠲᠤᠮ ᠤᠨ ᠵᠢᠭᠠᠨ ᠰᠤᠷᠭᠠᠯᠲᠠ ᠯᠤᠭ᠎ᠠ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠪᠠᠶᠢᠴᠠᠭᠠᠵᠤ᠂ ᠵᠡᠷᠭᠡᠪᠡᠷ ᠰᠢᠯᠭᠠᠨ ᠦᠨᠡᠯᠡᠵᠦ᠂ ᠪᠠᠶᠢᠭᠤᠯᠤᠮᠵᠢ᠂ ᠠᠵᠢᠯᠲᠠᠨ᠂ ᠲᠦᠷᠢᠮ᠂ ᠬᠠᠮᠢᠶᠠᠷᠤᠯᠲᠠ ᠶᠢᠨ ︽ᠳᠥᠷᠪᠡ ᠶᠢ ᠪᠣᠳᠠᠲᠠᠶᠢᠵᠢᠭᠤᠯᠬᠤ︾ ᠶᠢ ᠦᠨᠡᠨᠬᠦ ᠪᠡᠶᠡᠯᠡᠭᠦᠯᠵᠦ᠂ ᠭᠠᠯ ᠤᠨᠲᠠᠷᠠᠭᠠᠬᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠦᠨᠳᠦᠰᠦᠨ ᠠᠴᠠ ᠨᠢ ᠳᠡᠭᠡᠭᠰᠢᠯᠡᠭᠦᠯᠬᠦ ᠬᠡᠷᠡᠭᠲᠡᠶ︔ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭ᠎ᠠ ᠪᠥᠭᠡᠳ ᠬᠦᠨᠳᠦ ᠪᠠᠷ ᠴᠢᠩᠭᠠᠷᠠᠭᠤᠯᠤᠨ᠂ ᠬᠠᠮᠵᠢᠯᠴᠠᠬᠤ ᠶᠢ ᠴᠢᠩᠭᠠᠳᠬᠠᠵᠤ᠂ ᠥᠪᠡᠷ ᠢ ᠪᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠵᠢᠯᠣᠭᠤᠳᠴᠤ ᠪᠠᠶᠢᠴᠠᠭᠠᠬᠤ ᠶᠢ ᠬᠡᠷᠡᠭᠵᠢᠭᠦᠯᠦᠨ᠂ ᠤᠬᠠᠭᠤᠯᠭ᠎ᠠ ᠪᠣᠯᠪᠠᠰᠤᠷᠠᠭᠤᠯᠤᠯ ᠥᠷᠨᠢᠭᠦᠯᠵᠦ᠂ ᠭᠠᠯ ᠤᠨᠲᠠᠷᠠᠭᠠᠬᠤ ᠰᠣᠷᠢᠯᠲᠠ ᠶᠢ ᠵᠢᠯᠣᠭᠤᠳᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠭᠦᠢᠴᠡᠳᠬᠡᠵᠦ᠂ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号