ᠴᠧᠩ ᠭᠤᠸᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠪᠠᠶᠠᠷ ᠤᠨ ᠡᠳᠦᠷ ᠠᠴᠠ ᠡᠮᠦᠨᠡᠬᠢ ᠰᠡᠷᠡᠮᠵᠢᠯᠡᠭᠦᠯᠬᠦ ᠬᠥᠮᠦᠵᠢᠯ ᠤᠨ ᠲᠥᠪᠯᠡᠷᠡᠩᠭᠦᠶ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/30
     ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠷᠠᠭᠤᠯᠬᠤ ᠡᠲᠡᠭᠡᠳ ᠤᠨ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠤᠨ᠂ ᠴᠠᠭᠠᠨ ᠰᠠᠷ᠎ᠠ ᠶᠢᠨ ᠬᠤᠭᠤᠴᠠᠭᠠᠨ ᠳᠤ ᠬᠠᠤᠯᠢ ᠶᠢ ᠳᠠᠬᠢᠨ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ 1 ᠰᠠᠷ᠎ᠠ ᠶᠢᠨ 26 ᠤ ᠡᠳᠦᠷ᠂ ᠴᠧᠩ ᠭᠤᠸᠠᠨ ᠪᠠᠯᠭᠠᠰᠤᠨ ᠤ  ᠬᠠᠤᠯᠢ ᠴᠠᠭᠠᠵᠠ ᠶᠢᠨ ᠭᠠᠵᠠᠷ ᠬᠠᠷᠢᠶ᠎ᠠ ᠲᠣᠭᠤᠷᠢᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠪᠠᠶᠠᠷ ᠤᠨ ᠡᠳᠦᠷ ᠠᠴᠠ ᠡᠮᠦᠨᠡᠬᠢ ᠰᠡᠷᠡᠮᠵᠢᠯᠡᠭᠦᠯᠬᠦ ᠬᠥᠮᠦᠵᠢᠯ ᠤᠨ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃      ᠠᠵᠢᠯᠯᠠᠭ᠎ᠠ ᠶᠢᠨ ᠳᠤᠮᠳᠠ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠵᠠᠯᠠᠷᠠᠭᠤᠯᠬᠤ ᠡᠲᠡᠭᠡᠳ ᠢᠶᠠᠨ ᠳᠠᠭᠠᠭᠤᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ ᠶᠢᠨ ᠬᠠᠮᠲᠤ ᠰᠡᠷᠡᠮᠵᠢᠯᠡᠭᠦᠯᠬᠦ ᠬᠥᠮᠦᠵᠢᠯ ᠬᠢᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠮᠢᠶᠠᠷᠤᠯᠲᠠ ᠶᠢᠨ ᠲᠣᠭᠲᠠᠭᠠᠯ ᠢ ᠳᠠᠬᠢᠨ ᠳᠤᠷᠠᠳᠴᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠴᠠᠭ ᠢᠮᠠᠭᠲᠠ ᠪᠡᠶ᠎ᠡ ᠪᠠᠨ ᠠᠩᠬᠠᠷᠴᠣ᠂ ᠥᠪᠡᠷ ᠢ ᠪᠠᠨ ᠬᠢᠵᠠᠭᠠᠷᠯᠠᠨ᠂ ᠬᠠᠮᠢᠶᠠᠷᠤᠯᠲᠠ ᠶᠢ ᠳᠠᠭᠠᠵᠤ ᠬᠠᠤᠯᠢ ᠰᠠᠬᠢᠯᠭ᠎ᠠ ᠶᠢ ᠵᠢᠷᠤᠮᠯᠠᠨ᠂ ᠬᠠᠤᠯᠢ ᠴᠠᠭᠠᠵᠠ ᠶᠢ ᠪᠢᠰᠢᠷᠡᠨ ᠬᠦᠨᠳᠦᠳᠬᠡᠬᠦ ᠬᠡᠷᠡᠭᠲᠡᠶ᠃ ᠢᠯᠠᠩᠭᠤᠶ᠎ᠠ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠱᠠᠯᠢᠭ ᠵᠠᠪᠬᠠᠶ ᠵᠦᠢᠯ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ ᠠᠴᠠ ᠬᠤᠯᠠ ᠵᠠᠶᠢᠳᠠᠭᠤ ᠪᠠᠶᠢᠵᠤ᠂ ᠠᠷᠢᠬᠢ ᠤᠤᠭᠤᠭᠰᠠᠨ ᠤ ᠲᠠᠷᠠᠭ᠎ᠠ ᠲᠡᠷᠭᠡ ᠵᠢᠯᠣᠭᠤᠳᠬᠤ ᠶᠢ ᠲᠠᠰᠤ ᠵᠣᠭᠰᠣᠭᠠᠵᠤ᠂ ᠬᠠᠤᠯᠢ ᠪᠤᠰᠤ ᠵᠣᠬᠢᠶᠠᠨ ᠪᠠᠶᠢᠭᠤᠯᠤᠯᠲᠠ᠂ ᠭᠠᠵᠢᠭᠤ ᠨᠣᠮᠯᠠᠯ᠂ ᠬᠡᠷᠡᠭᠦᠯ ᠵᠣᠳᠣᠭᠠᠨ ᠬᠢᠬᠦ᠂ ᠵᠣᠭᠤᠰ ᠨᠠᠭᠠᠳᠬᠤ᠂ ᠤᠯᠠᠨ ᠲᠦᠮᠡᠨᠴᠢ ᠴᠢᠨᠠᠷᠲᠠᠶ ᠬᠡᠷᠡᠭ ᠵᠡᠷᠭᠡ ᠳᠤ ᠣᠷᠣᠯᠴᠠᠵᠤ ᠪᠣᠯᠬᠤ ᠦᠭᠡᠢ᠂ ᠳᠤᠷ᠎ᠠ ᠪᠠᠷ ᠢᠶᠠᠨ ᠭᠠᠳᠠᠭᠰᠢ ᠭᠠᠷᠬᠤ᠂ ᠬᠥᠮᠦᠨ ᠪᠠ ᠮᠠᠰᠢᠨ ᠰᠠᠯᠭᠠᠬᠤ᠂ ᠮᠠᠰᠢᠨ ᠢᠶᠠᠨ ᠬᠠᠭᠠᠵᠤ ᠬᠢᠵᠠᠭᠠᠷ ᠠᠴᠠ ᠳᠠᠪᠠᠭ᠋ᠤ ᠵᠡᠷᠭᠡ ᠪᠠᠶᠢᠳᠠᠯ ᠭᠠᠷᠬᠤ ᠠᠴᠠ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃      ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢᠯᠡᠷᠬᠡᠶᠢᠯᠡᠬᠦ ᠳᠡᠭᠡᠨ᠂ ᠴᠠᠭᠠᠨ ᠰᠠᠷ᠎ᠠ ᠶᠢᠨ ᠬᠤᠭᠤᠴᠠᠭᠠᠨ ᠳᠤ ᠵᠠᠪᠠᠯ ᠡᠯ᠎ᠡ ᠵᠦᠢᠯ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠵᠣᠯ ᠵᠢᠷᠭᠠᠯ ᠲᠠᠢ᠂ ᠪᠠᠶᠠᠷ ᠬᠥᠷ ᠲᠠᠢ ᠴᠠᠭᠠᠨ ᠰᠠᠷ᠎ᠠ ᠶᠢ ᠬᠠᠮᠲᠤ ᠪᠠᠷ  ᠦᠩᠭᠡᠷᠡᠭᠦᠯᠦᠨ᠎ᠡ ᠭᠡᠵᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号