ᠬᠤᠷᠢᠨᠭᠡᠷ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ 2024 ᠣᠨ ᠤ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/30
     1 ᠰᠠᠷ᠎ᠠ ᠶᠢᠨ 24 ᠤ ᠡᠳᠦᠷ᠂ ᠬᠤᠷᠢᠨᠭᠡᠷ ᠰᠢᠶᠠᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2024 ᠣᠨ ᠤ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯᠤᠨ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠬᠢᠬᠦ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠢ ᠥᠷᠨᠢᠭᠦᠯᠵᠦ᠂ ᠲᠡᠭᠡᠭᠡᠪᠦᠷᠢ ᠶᠢᠨ ᠰᠠᠭᠠᠳ ᠦᠬᠡᠢ ᠨᠡᠪᠲᠡᠷᠡᠬᠦ᠂ ᠠᠵᠢᠯᠯᠠᠭᠠᠨ ᠤ ᠲᠣᠭᠲᠠᠭᠤᠨ ᠪᠠᠶᠢᠬᠤ᠂ ᠤᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠠᠷᠠᠳ ᠤᠯᠠᠨ ᠤ ᠠᠮᠤᠷ ᠲᠦᠪᠰᠢᠨ ᠳᠥᠭᠦᠮ ᠳᠥᠲᠡ ᠶᠠᠪᠤᠵᠤ ᠰᠠᠭᠤᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠪᠤᠷᠢ ᠶᠢᠨ ᠴᠢᠳᠠᠪᠤᠷᠢ ᠶᠢ ᠴᠢᠩᠭᠠᠳᠬᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠲᠡᠭᠡᠭᠡᠪᠦᠷᠢ ᠶᠢᠨ ᠦᠢᠯᠡᠴᠢᠯᠡᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠲᠣᠣᠷ ᠲᠠᠲᠠᠬᠤ ᠬᠡᠯᠪᠡᠷᠢ ᠶᠢᠨ᠂ ᠪᠦᠬᠦ ᠲᠠᠯ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠷᠭ᠎ᠠ ᠪᠠᠷᠢᠯ ᠢ ᠠᠪᠴᠤ᠂ ᠡᠯ᠎ᠡ ᠲᠦᠷᠦᠯ ᠤᠨ ᠨᠢᠭᠤᠭᠳᠠᠮᠠᠯ ᠠᠳᠡᠯ ᠤᠨ ᠬᠡᠮ ᠰᠣᠭᠤᠭ ᠢ ᠲᠦᠢᠯᠪᠤᠷᠢᠲᠠᠢ ᠠᠷᠢᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠳᠡᠯᠭᠡ ᠬᠢᠭᠡᠳ ᠦᠨᠳᠦᠰᠦᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠠᠵᠢᠯ ᠲᠥᠷᠥᠯ ᠤᠨ ᠪᠦᠬᠦᠯᠢ ᠴᠣᠭᠴᠠ ᠶᠢᠨ ᠠᠮᠤᠷ ᠲᠦᠪᠰᠢᠨ ᠤ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠴᠢᠩᠭᠠᠳᠬᠠᠭᠰᠠᠨ ᠪᠠᠶᠢᠨ᠎ᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠦᠵᠡᠯ ᠰᠠᠨᠠᠭ᠎ᠠ ᠶᠢ ᠦᠨᠡᠨᠬᠦ ᠴᠢᠬᠤᠯᠠᠴᠢᠯᠠᠵᠤ᠂ ᠠᠵᠢᠯ ᠢᠶᠠᠨ ᠦᠨᠡᠨᠬᠦ ᠬᠢᠵᠦ᠂ ᠭᠡᠮ ᠰᠣᠭᠤᠭ ᠢ ᠦᠨᠡᠨᠬᠦ ᠵᠠᠰᠠᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠨᠠᠶᠢᠳᠠᠪᠤᠷᠢᠵᠢᠭᠤᠯᠵᠤ᠂ ᠬᠥᠪᠴᠢ ᠪᠠᠨ ᠴᠢᠩᠭᠠᠯᠠᠵᠤ᠂ ᠠᠶᠤᠯ ᠲᠦᠭᠰᠢᠭᠦᠷᠢ ᠶᠢ ᠪᠠᠶᠢᠴᠠᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠪᠣᠳᠠᠲᠠᠢ ᠠᠵᠢᠯ ᠢ ᠴᠢᠩᠭ᠎ᠠ ᠪᠦᠭᠡᠳ ᠪᠣᠳᠠᠲᠠᠢ ᠠᠳᠬᠤᠨ᠂ ᠠᠷᠠᠳ ᠤᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠰᠢᠨᠡᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号