ᠰᠢᠨ᠎ᠡ ᠳᠡᠯᠭᠡᠭᠦᠷ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠪᠠᠶᠠᠷ ᠤᠨ ᠡᠳᠦᠷ ᠠᠴᠠ ᠡᠮᠦᠨ᠎ᠡ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ — — ᠴᠡᠷᠢᠭ ᠠᠴᠠ ᠬᠠᠯᠠᠭᠳᠠᠭᠰᠠᠳ ᠤᠨ ᠰᠡᠳᠬᠢᠯ ᠢ ᠬᠠᠯᠠᠮᠵᠢᠯᠠᠨ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/1/31
     ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ  ᠬᠢᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠥᠳᠬᠡᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠤᠨ ᠬᠠᠯᠠᠭᠤᠨ ᠳᠤᠯᠠᠭᠠᠨ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ᠂ ᠰᠢᠨ᠎ᠡ ᠳᠡᠯᠭᠡᠭᠦᠷ ᠪᠠᠯᠭᠠᠰᠤᠨ ᠤ ᠬᠢᠨ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠡᠷᠭᠡ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠥᠭᠡᠯ ᠳᠡᠪᠰᠢᠭᠦᠯᠪᠡ᠃      ᠲᠣᠬᠤᠨᠢᠭᠤᠯᠬᠤ ᠶᠠᠪᠤᠴᠠ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠪᠣᠯᠤᠨ ᠰᠠᠨᠠᠭᠠᠰᠢᠷᠠᠯ ᠢ ᠢᠯᠡᠳᠬᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠵᠥᠩᠨᠡᠯ ᠳᠡᠪᠰᠢᠭᠦᠯᠵᠦ᠂ ᠲᠡᠳᠡᠨ ᠤ ᠤᠯᠤᠰ ᠪᠣᠯᠤᠨ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠬᠠᠯᠠᠭᠤᠨ ᠢᠶᠠᠷ ᠲᠣᠬᠤᠨᠢᠭᠤᠯᠬᠤ ᠮᠥᠩᠭᠦ ᠬᠦᠷᠭᠡᠪᠡ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠠᠴᠠ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠪᠣᠯᠤᠨ ᠳᠠᠭᠠᠭᠠᠴᠢᠯᠠᠨ ᠬᠤᠯᠪᠤᠭᠠᠯᠭᠰᠠᠨ ᠲᠤᠰᠬᠤᠨ ᠤ ᠺᠠᠳ᠋ᠷᠴᠤᠳ ᠢ ᠴᠡᠷᠢᠭ ᠠᠴᠠ ᠬᠠᠯᠠᠭᠳᠠᠭᠰᠠᠳ ᠪᠣᠯᠤᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠠᠮᠢᠳᠤᠷᠠᠯ ᠢ ᠴᠠᠭ ᠢᠮᠠᠭᠲᠠ ᠬᠠᠯᠠᠮᠵᠢᠯᠠᠵᠤ᠂ ᠨᠠᠮ ᠪᠣᠯᠤᠨ ᠵᠠᠰᠠᠭ ᠤᠨ ᠣᠷᠳᠣᠨ ᠤ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠡᠳᠡᠨ ᠤ ᠬᠦᠴᠢᠷ ᠵᠣᠪᠠᠭᠤᠷᠢ ᠶᠢ ᠢᠳᠡᠪᠬᠢᠲᠡᠢ ᠪᠠᠷ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠴᠡᠷᠢᠭ ᠠᠴᠠ ᠬᠠᠯᠠᠭᠳᠠᠭᠰᠠᠳ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠲᠣᠬᠤᠨᠢᠭᠤᠯᠬᠤ ᠡᠲᠡᠭᠡᠳ ᠤᠨ ᠬᠢᠨ ︽ᠴᠡᠷᠢᠭ ᠠᠴᠠ ᠬᠠᠯᠠᠭᠳᠠᠭᠰᠠᠨ ᠴᠦ ᠵᠣᠷᠢᠭ ᠮᠣᠬᠤᠬᠤ ᠥᠬᠡᠶ᠂ ᠴᠡᠷᠢᠭ ᠤᠨ ᠬᠤᠪᠴᠠᠰᠤ ᠪᠠᠨ ᠬᠠᠯᠠᠭᠰᠠᠨ ᠴᠦ ᠰᠡᠳᠬᠢᠯ ᠢᠶᠠᠨ ᠰᠣᠯᠢᠬᠤ ᠥᠬᠡᠶ︾ ᠪᠠᠶᠢᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠴᠡᠷᠢᠭ ᠤᠨ ᠬᠥᠮᠦᠨ ᠤ ᠰᠢᠯᠢᠳᠡᠭ ᠤᠯᠠᠮᠵᠢᠯᠠᠯ ᠢ ᠤᠯᠠᠮᠵᠢᠯᠠᠨ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠨᠠᠮ ᠤᠨ ᠲᠤᠭ ᠲᠤ ᠥᠩᠭᠡ ᠬᠡᠷᠡᠯ ᠨᠡᠮᠡᠷᠢᠯᠡᠨ᠎ᠡ ᠭᠡᠵᠦ ᠢᠯᠡᠷᠬᠡᠶᠢᠯᠡᠵᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号