ᠬᠤᠷᠢᠨᠭᠡᠷ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 25 ᠤ ᠡᠳᠦᠷ᠂ ᠬᠤᠷᠢᠨᠭᠡᠷ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠯᠢ ᠯᠢᠦ ᠰᠢᠶᠤᠤ ᠬᠤᠷᠠᠯ ᠳᠤ ᠣᠷᠣᠯᠴᠠᠪᠠ᠃      ᠬᠤᠷᠠᠯ ᠠᠴᠠ ᠴᠡᠷᠢᠭ ᠤᠨ ᠲᠣᠭᠤᠷᠢᠭ᠂ ᠰᠡᠷᠭᠡᠶᠢᠯᠡᠯᠲᠡ ᠶᠢᠨ ᠲᠣᠭᠤᠷᠢᠭ ᠬᠤᠶᠠᠷ ᠱᠠᠲᠤᠨ ᠤ ᠨᠠᠮ ᠤᠨ ᠬᠤᠷᠢᠶ᠎ᠠ ᠶᠢᠨ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠶᠢᠨ 2023 ᠣᠨ ᠤ ᠠᠵᠢᠯ ᠢ ᠳ᠋ᠦᠩᠨᠡᠵᠦ᠂ 2024 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠰᠠᠶᠢᠨ ᠱᠦᠵᠢ᠂ ᠲᠡᠷᠢᠭᠦᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠵᠡᠷᠭᠡ ᠲᠡᠷᠢᠭᠦᠨ ᠤ ᠬᠤᠪᠢ ᠬᠥᠮᠦᠨ ᠪᠠ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠪᠠ᠃      ᠬᠤᠷᠠᠯ ᠠᠴᠠ᠂ 2023 ᠣᠨ ᠳᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠡᠷᠢᠭ ᠠᠷᠠᠳ ᠬᠠᠮᠲᠤᠪᠠᠷ ᠪᠠᠶᠢᠭᠤᠯᠬᠤ᠂ ᠡᠷᠦᠬᠡ ᠶᠢᠨ ᠴᠡᠷᠢᠭ ᠤᠨ ᠪᠠᠶᠢᠭᠤᠯᠤᠯᠲᠠ᠂ ᠰᠤᠷᠤᠭᠴᠢᠳ ᠤᠨ ᠴᠡᠷᠢᠭ ᠤᠨ ᠪᠣᠯᠪᠠᠰᠤᠷᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ ᠡᠯ᠎ᠡ ᠵᠦᠢᠯ ᠤᠨ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠦᠷᠭᠦᠯᠵᠢᠯᠡᠨ ᠪᠠᠬᠢᠵᠢᠪᠡ᠃      ᠬᠤᠷᠠᠯ ᠠᠴᠠ᠂ ᠴᠡᠷᠢᠭ ᠢ ᠬᠦᠴᠦᠷᠬᠡᠭᠵᠢᠭᠦᠯᠬᠦ ᠦᠢᠯᠡᠰ ᠢ ᠠᠬᠢᠭᠤᠯᠬᠤ ᠳᠤ᠂ ᠡᠷᠬᠡᠪᠰᠢ ᠨᠠᠮ ᠤᠨ ᠴᠡᠷᠢᠭ ᠠᠩᠬᠢ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠢ ᠴᠢᠩᠭ᠎ᠠ ᠬᠠᠮᠢᠶᠠᠷᠴᠤ ᠴᠡᠷᠢᠭ ᠢ ᠵᠠᠰᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠪᠠᠳᠠᠷᠠᠭᠤᠯᠵᠤ᠂ ︽ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠬᠤ᠂ ᠴᠡᠷᠢᠭ ᠤᠨ ᠶᠠᠪᠤᠳᠠᠯ ᠢ ᠬᠦᠴᠦᠷᠬᠡᠭᠵᠢᠭᠦᠯᠬᠦ ᠦᠢᠯᠡᠰ ᠲᠤ ᠭᠠᠪᠢᠶ᠎ᠠ ᠪᠠᠶᠢᠭᠤᠯᠬᠤ︾ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠢᠯᠠᠯᠲᠠ ᠤᠯᠬᠤ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠬᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠢ ᠠᠬᠢᠭᠤᠯᠵᠤ᠂ ᠣᠷᠣᠨ ᠤ ᠲᠥᠪ ᠤᠨ ᠪᠦᠬᠦ ᠤᠯᠤᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠠᠷᠪᠠᠨ ᠵᠢᠯ ᠳᠠᠷᠠᠭᠠᠯᠠᠨ ᠮᠠᠩᠯᠠᠶᠢᠯᠠᠬᠤ ᠪᠠᠷ ᠴᠢᠷᠮᠠᠶᠢᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠳᠠ ᠶᠢᠨ ᠠᠷᠠᠳ ᠤᠨ ᠵᠡᠪᠰᠡᠭ ᠤᠨ ᠬᠥᠮᠥᠷᠭᠡ᠂ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠪᠣᠯᠤᠨ ᠠᠷᠠᠳ ᠤᠨ ᠵᠡᠪᠰᠡᠭᠲᠦ ᠬᠦᠴᠦᠨ ᠤ ᠴᠡᠷᠢᠭ ᠤᠨ ᠬᠤᠸᠠᠷᠠᠨ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠡᠳ᠋ ᠪᠣᠳᠠᠰ ᠤᠨ ᠪᠠᠲᠤᠯᠠᠪᠤᠷᠢ ᠶᠢᠨ ᠪᠡᠯᠡᠳᠬᠡᠯ᠂ ᠴᠡᠷᠢᠭ ᠡᠯᠰᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号