︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠪᠢᠯᠧᠲ ᠬᠤᠳᠠᠯᠳᠤᠬᠤ ᠠᠷᠭ᠎ᠠ ᠵᠠᠮ ᠢ ᠨᠡᠭᠡᠭᠡᠵᠡᠢ
ᠨᠡᠶᠢᠲᠡᠯᠡᠭᠰᠡᠨ ᠴᠠᠭ᠄
2024/1/4
     ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2024 ᠣᠨ ᠤ 2 ᠰᠠᠷ᠎ᠠ ᠶᠢᠨ 17 ᠤ ᠡᠳᠦᠷ ᠠᠴᠠ 2 ᠰᠠᠷ᠎ᠠ ᠶᠢᠨ 27 ᠤ ᠡᠳᠦᠷ ᠪᠤᠯᠲᠠᠯ᠎ᠠ ᠮᠠᠨ ᠤ ᠣᠷᠣᠨ ᠳᠤ ᠶᠠᠪᠤᠭᠳᠠᠨ᠎ᠠ᠃      2024 ᠣᠨ ᠤ 1 ᠰᠠᠷ᠎ᠠ ᠶᠢᠨ 2 ᠤᠨ ᠡᠳᠦᠷ ᠤᠨ 11 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠥᠯᠥᠨ ᠪᠤᠶᠢᠷ ᠤᠨ ᠤᠷᠤᠯᠳᠤᠭᠠᠨ ᠤ ᠲᠣᠭᠤᠷᠢᠭ ᠤᠨ ᠣᠯᠠᠨ ᠨᠡᠶᠢᠲᠡ ᠳᠤ ᠬᠠᠨᠳᠤᠭᠤᠯᠤᠭᠰᠠᠨ ᠪᠢᠯᠧᠲ ᠬᠤᠳᠠᠯᠳᠤᠬᠤ ᠠᠷᠭ᠎ᠠ ᠵᠠᠮ ᠢ ᠨᠡᠭᠡᠭᠡᠵᠡᠢ᠃      ᠨᠢᠭᠡᠳᠦᠭᠡᠷ ᠪᠦᠯᠦᠭ ᠤᠨ ᠰᠦᠯᠵᠢᠶᠡᠨ ᠳᠡᠭᠡᠷ᠎ᠡ ᠤᠷᠢᠳᠴᠢᠯᠠᠨ ᠬᠤᠳᠠᠯᠳᠤᠬᠤ ᠪᠢᠯᠧᠲ ᠤᠨ ᠲᠥᠷᠥᠯ ᠵᠦᠢᠯ ᠪᠣᠯ ᠮᠥᠰᠥᠨ ᠳᠡᠪᠦᠷ᠎ᠡ ︵ᠵᠠᠯᠠᠭᠤᠴᠤᠳ ᠤᠨ ᠳᠤᠭᠤᠶᠢᠯᠠᠩ︶᠂ ᠲᠦᠷᠭᠡᠨ ᠲᠡᠰᠢᠯᠲᠡ ︵ᠢᠯᠡ ᠳᠤᠭᠤᠶᠢᠯᠠᠩ︶᠂ ᠣᠶᠢᠷ᠎ᠠ ᠵᠠᠢ ᠶᠢᠨ ᠲᠦᠷᠭᠡᠨ ᠲᠡᠰᠢᠯᠲᠡ︵ᠵᠠᠯᠠᠭᠤᠴᠤᠳ ᠤᠨ ᠳᠤᠭᠤᠶᠢᠯᠠᠩ︶ᠵᠡᠷᠭᠡ 3 ᠲᠥᠷᠥᠯ ᠪᠤᠯᠣᠨ᠎ᠠ; ᠤᠷᠠᠨ ᠲᠡᠰᠢᠯᠲᠡ︵ᠵᠠᠯᠠᠭᠤᠴᠤᠳ ᠤᠨ ᠳᠤᠭᠤᠶᠢᠯᠠᠩ︶᠂ ᠤᠷᠠᠨ ᠲᠡᠰᠢᠯᠲᠡ︵ᠢᠯᠡ ᠳᠤᠭᠤᠶᠢᠯᠠᠩ︶᠂ ᠣᠶᠢᠷ᠎ᠠ ᠵᠠᠢ ᠶᠢᠨ ᠲᠦᠷᠭᠡᠨ ᠲᠡᠰᠢᠯᠲᠡ︵ᠢᠯᠡ ᠳᠤᠭᠤᠶᠢᠯᠠᠩ︶᠂ ᠲᠦᠷᠭᠡᠨ ᠲᠡᠰᠢᠯᠲᠡ︵ᠵᠠᠯᠠᠭᠤᠴᠤᠳ ᠤᠨ ᠳᠤᠭᠤᠶᠢᠯᠠᠩ︶᠂ ᠮᠥᠰᠥᠨ ᠳᠡᠪᠦᠷ᠎ᠡ ︵ᠢᠯᠡ ᠳᠤᠭᠤᠶᠢᠯᠠᠩ︶᠂ ᠮᠥᠰᠥᠨ ᠪᠥᠮᠪᠦᠭᠡ ︵ᠵᠠᠯᠠᠭᠤᠴᠤᠳ ᠤᠨ ᠳᠤᠭᠤᠶᠢᠯᠠᠩ︶ ᠵᠢᠴᠢ ᠴᠠᠰᠤᠨ ᠳᠡᠭᠡᠷᠡᠬᠢ ᠲᠥᠷᠥᠯ ᠵᠦᠢᠯ ᠤᠨ ᠪᠢᠯᠧᠲ ᠢ ᠴᠦ ᠵᠠᠯᠭᠠᠭ᠎ᠠ ᠪᠠᠷ ᠡᠬᠢᠯᠡᠨ ᠪᠣᠷᠣᠯᠠᠭᠤᠯᠤᠨ᠎ᠠ᠃      ᠨᠢᠭᠡ᠂ ᠬᠠᠮᠢᠭ᠎ᠠ ᠠᠴᠠ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠬᠥᠯᠥᠨ ᠪᠤᠶᠢᠷ ᠤᠨ ᠤᠷᠤᠯᠳᠤᠭᠠᠨ ᠤ ᠲᠣᠭᠤᠷᠢᠭ ᠤᠨ ᠪᠢᠯᠧᠲ ᠢ ᠬᠤᠳᠠᠯᠳᠤᠨ ᠠᠪᠴᠤ ᠪᠤᠯᠬᠤ ᠪᠤᠶ︖      ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠥᠯᠥᠨ ᠪᠤᠶᠢᠷ ᠤᠨ ᠤᠷᠤᠯᠳᠤᠭᠠᠨ ᠤ ᠲᠣᠭᠤᠷᠢᠭ ᠲᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠪᠢᠯᠧᠲ ᠬᠤᠳᠠᠯᠳᠤᠬᠤ ᠵᠠᠭᠪᠤᠷ ᠢ ᠤᠶᠠᠯᠳᠤᠭᠤᠯᠵᠠᠢ᠃ ᠣᠯᠠᠨ ᠨᠡᠶᠢᠲᠡ ᠵᠢᠷᠭᠢᠶ᠎ᠡ ᠪᠠᠷ ᠳᠠᠮᠵᠢᠭᠤᠯᠤᠨ ︽ᠬᠥᠯᠥᠨ ᠪᠤᠶᠢᠷ ᠤᠨ ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ ᠤ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ︾ ᠶᠢ ᠬᠠᠶᠢᠵᠤ᠂ ᠣᠯᠠᠨ ᠨᠡᠶᠢᠲᠡ ᠶᠢᠨ ᠳ᠋ᠤᠭᠠᠷ ᠲᠤ ᠣᠷᠣᠵᠤ ᠰᠦᠯᠵᠢᠶᠡᠨ ᠳᠡᠭᠡᠷ᠎ᠡ ᠪᠢᠯᠧᠲ ᠬᠤᠳᠠᠯᠳᠤᠨ ᠠᠪᠴᠤ ᠪᠣᠯᠣᠨ᠎ᠠ᠂ ᠲᠠᠯᠠᠪᠠᠶ ᠳᠣᠲᠣᠷᠠᠬᠢ ᠪᠢᠯᠧᠲ ᠬᠤᠳᠠᠯᠳᠤᠬᠤ ᠮᠤᠬᠤᠯᠠᠭ ᠵᠡᠷᠭᠡ ᠰᠦᠯᠵᠢᠶᠡᠨ ᠭᠠᠳᠠᠨ᠎ᠠ ᠪᠣᠷᠣᠯᠠᠭᠤᠯᠬᠤ ᠠᠷᠭ᠎ᠠ ᠵᠠᠮ ᠢ 1 ᠰᠠᠷ᠎ᠠ ᠶᠢᠨ 9 ᠤ ᠡᠳᠦᠷ ᠠᠴᠠ ᠡᠬᠢᠯᠡᠨ ᠬᠡᠷᠡᠭᠵᠢᠭᠦᠯᠬᠦ ᠶᠢᠨ ᠬᠠᠮᠲᠤ ᠣᠯᠠᠨ ᠨᠡᠶᠢᠲᠡ ᠳᠤ ᠪᠢᠯᠧᠲ ᠬᠤᠳᠠᠯᠳᠤᠬᠤ ᠪᠠᠷ ᠲᠥᠯᠥᠪᠯᠡᠵᠦ ᠪᠤᠶ᠃      ᠬᠤᠶᠠᠷ᠂ ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠨᠡᠭᠡᠭᠡᠯᠲᠡ ᠪᠠ ᠲᠡᠭᠦᠰᠬᠦ ᠶᠣᠰᠣᠯᠠᠯ ᠤᠨ ᠪᠢᠯᠧᠲ ᠢ ᠬᠤᠳᠠᠯᠳᠤᠨ ᠠᠪᠴᠤ ᠳᠡᠶᠢᠯᠦᠨ᠎ᠡ ᠤᠤ︖      ᠨᠡᠭᠡᠭᠡᠯᠲᠡ ᠪᠠ ᠲᠡᠭᠦᠰᠬᠦ ᠶᠣᠰᠣᠯᠠᠯ ᠤᠨ ᠪᠢᠯᠧᠲ ᠤᠨ ᠶᠠᠪᠤᠳᠠᠯ ᠤᠨ ᠲᠥᠰᠥᠯ ᠤᠨ ᠲᠣᠭᠲᠠᠭᠠᠯ ᠢ ᠦᠨᠳᠦᠰᠦᠯᠡᠪᠡᠯ᠂ ᠨᠡᠭᠡᠭᠡᠯᠲᠡ ᠪᠠ ᠲᠡᠭᠦᠰᠬᠦ ᠶᠣᠰᠣᠯᠠᠯ ᠤᠨ ᠪᠢᠯᠧᠲ ᠢ ᠣᠯᠠᠨ ᠨᠡᠶᠢᠲᠡ ᠳᠤ ᠬᠤᠳᠠᠯᠳᠤᠬᠤ ᠦᠭᠡᠢ᠃      ᠭᠤᠷᠪᠠ᠂ ᠪᠢᠯᠧᠲ ᠬᠤᠳᠠᠯᠳᠤᠨ ᠠᠪᠬᠤ ᠪᠠ ᠤᠷᠤᠯᠳᠤᠭᠠᠨ ᠦᠵᠡᠬᠦ ᠳᠤ ᠦᠨᠡᠨ ᠨᠡᠷ᠎ᠡ ᠶᠢᠨ ᠳᠦᠷᠢᠮ ᠢ ᠱᠠᠭᠠᠷᠳᠠᠨ᠎ᠠ ᠤᠤ︖      ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠳᠤ ᠦᠨᠡᠨ ᠨᠡᠷ᠎ᠡ ᠪᠠᠷ ᠪᠢᠯᠧᠲ ᠬᠤᠳᠠᠯᠳᠤᠨ ᠠᠪᠬᠤ ᠶᠢ ᠱᠠᠭᠠᠷᠳᠠᠵᠤ᠂ ᠣᠯᠠᠨ ᠨᠡᠶᠢᠲᠡ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ ᠭᠠᠵᠠᠷ ᠢᠶᠠᠷ ᠵᠣᠷᠴᠢᠬᠤ ᠦᠨᠡᠮᠯᠡᠯ᠂ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠪᠠᠷ ᠵᠣᠷᠴᠢᠬᠤ ᠦᠨᠡᠮᠯᠡᠯ᠂ ᠭᠠᠳᠠᠭᠠᠳᠤ ᠶᠢᠨ ᠠᠷᠠᠳ ᠢᠷᠭᠡᠨ ᠤ ᠬᠦᠴᠦᠨ ᠪᠦᠬᠦᠢ ᠫᠠᠰᠫᠣᠷᠲ ᠢᠶᠠᠷ ᠪᠢᠯᠧᠲ ᠬᠤᠳᠠᠯᠳᠤᠨ ᠠᠪᠴᠤ ᠪᠣᠯᠣᠨ᠎ᠠ᠂ ᠪᠢᠯᠧᠲ ᠬᠤᠳᠠᠯᠳᠤᠨ ᠠᠪᠬᠤ ᠳᠠᠭᠠᠨ ᠪᠢᠯᠧᠲ ᠤᠨ ᠲᠤᠭ᠎ᠠ ᠬᠡᠮᠵᠢᠶ᠎ᠡ ᠲᠠᠢ ᠨᠢᠭᠡ ᠨᠢᠭᠡ ᠪᠠᠷ ᠬᠠᠷᠠᠭᠠᠯᠵᠠᠭᠰᠠᠨ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢ ᠲᠠᠭᠯᠠᠬᠤ ᠬᠡᠷᠡᠭᠲᠡᠢ᠃      ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠦᠶ᠎ᠡ ᠳᠤ ᠲᠠᠯᠠᠪᠠᠶ ᠳᠤ ᠣᠷᠣᠬᠤ ᠳᠤ ᠬᠤᠪᠢ ᠬᠥᠮᠥᠨ ᠥᠪᠡᠷ ᠤᠨ ᠢᠶᠠᠨ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ ᠲᠠᠯᠠᠪᠠᠶ ᠳᠤ ᠣᠷᠣᠬᠤ ᠬᠡᠷᠡᠭᠲᠡᠢ᠃      ᠳᠥᠷᠪᠡ᠂ ᠪᠢᠯᠧᠲ ᠬᠤᠳᠠᠯᠳᠤᠨ ᠠᠪᠬᠤ ᠪᠠ ᠲᠠᠯᠠᠪᠠᠶ ᠳᠤ ᠣᠷᠣᠬᠤ ᠳᠤ ᠨᠠᠰᠤᠨ ᠤ ᠬᠢᠵᠠᠭᠠᠷᠯᠠᠯ ᠲᠠᠢ ᠤᠤ︖      ᠪᠢᠯᠧᠲ ᠬᠤᠳᠠᠯᠳᠤᠨ ᠠᠪᠬᠤ ᠲᠠᠯ᠎ᠠ ᠪᠠᠷ᠂ ᠪᠢᠯᠧᠲ ᠬᠤᠳᠠᠯᠳᠤᠨ ᠠᠪᠤᠭᠴᠢ ᠪᠦᠬᠦᠯᠢ 18 ᠨᠠᠰᠤ ᠭᠦᠷᠦᠭᠰᠡᠨ ᠪᠠᠶᠢᠬᠤ ᠬᠡᠷᠡᠭᠲᠡᠢ᠂ ᠰᠦᠯᠵᠢᠶᠡᠨ ᠳᠡᠭᠡᠷᠡᠬᠢ ᠵᠠᠬᠢᠶᠠᠯᠠᠭ᠎ᠠ ᠶᠢᠨ ᠬᠠᠭᠤᠳᠠᠰᠤᠨ ᠳᠤ ᠨᠠᠭᠠᠲᠤ ᠵᠠᠬ᠎ᠠ ᠳᠠᠭᠠᠨ ᠪᠦᠬᠦᠯᠢ 18 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠳᠤ ᠭᠦᠷᠦᠭᠰᠡᠳ ᠢ ᠪᠠᠭᠲᠠᠭᠠᠭᠰᠠᠨ ᠪᠠᠶᠢᠬᠤ ᠬᠡᠷᠡᠭᠲᠡᠢ᠂ ᠨᠠᠰᠤᠨ ᠳᠤ ᠥᠯᠥ ᠭᠦᠷᠦᠭᠰᠡᠳ ᠢ ᠪᠠᠭᠲᠠᠭᠠᠭᠰᠠᠨ ᠵᠠᠬᠢᠶᠠᠯᠠᠭ᠎ᠠ ᠶᠢᠨ ᠬᠠᠭᠤᠳᠠᠰᠤ ᠶᠢ ᠡᠷᠬᠡᠪᠰᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠲᠤᠰᠢᠶᠠᠬᠤ ᠭᠡᠷᠡᠭᠲᠡᠢ;ᠨᠠᠰᠤᠨ ᠳᠤ ᠥᠯᠥ ᠭᠦᠷᠦᠭᠰᠡᠳ ᠰᠦᠯᠵᠢᠶᠡᠨ ᠠᠴᠠ ᠪᠢᠯᠧᠲ ᠬᠤᠳᠠᠯᠳᠤᠨ ᠠᠪᠬᠤ ᠳᠤ ᠡᠷᠬᠡᠪᠰᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠠᠷ᠎ᠠ ᠪᠤᠯᠤᠯᠭ᠎ᠠ  ᠲᠠᠢ ᠪᠠᠶᠢᠬᠤ ᠭᠡᠷᠡᠭᠲᠡᠢ;ᠲᠠᠯᠠᠪᠠᠶ ᠳᠤ ᠣᠷᠣᠬᠤ ᠲᠠᠯ᠎ᠠ ᠪᠠᠷ᠂ ᠣᠯᠠᠨ ᠤᠯᠤᠰ ᠤᠨ ᠤᠷᠤᠯᠳᠤᠭᠠᠨ ᠤ ᠵᠤᠷᠰᠢᠯ ᠢᠶᠠᠷ᠂ ᠪᠡᠶ᠎ᠡ ᠶᠢᠨ ᠥᠨᠳᠥᠷ ᠨᠢ 1.2 ᠮᠧᠲᠷ ᠠᠴᠠ ᠳᠡᠭᠡᠭᠰᠢᠬᠢ ︵ᠪᠠᠭᠲᠠᠨ᠎ᠠ︶ ᠬᠡᠦᠬᠡᠳ ᠡᠷᠬᠡᠪᠰᠢ ᠪᠢᠯᠧᠲ ᠢᠶᠠᠷ ᠲᠠᠯᠠᠪᠠᠶ ᠳᠤ ᠣᠷᠣᠬᠤ ᠬᠡᠷᠡᠭᠲᠡᠢ ᠪᠥᠭᠡᠳ ᠨᠠᠰᠤᠨ ᠳᠤ ᠭᠦᠷᠦᠭᠰᠡᠳ ᠤᠨ ᠪᠠᠷ᠎ᠠ ᠪᠤᠯᠤᠯᠭ᠎ᠠ ᠲᠠᠢ ᠪᠠᠶᠢᠬᠤ ᠭᠡᠷᠡᠭᠲᠡᠢ;ᠪᠡᠶ᠎ᠡ ᠶᠢᠨ ᠥᠨᠳᠥᠷ ᠨᠢ 1.2 ᠮᠧᠲᠷ ᠠᠴᠠ ᠳᠣᠷᠣᠭᠰᠢᠬᠢ ᠬᠡᠦᠬᠡᠳ ᠲᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠪᠢᠯᠧᠲ ᠠᠪᠴᠤ ᠪᠠᠷ᠎ᠠ ᠪᠤᠯᠬᠤ ᠪᠥᠭᠡᠳ ᠨᠢᠭᠡ ᠰᠠᠭᠤᠳᠠᠯ ᠢ ᠬᠠᠮᠲᠤ ᠪᠠᠷ ᠡᠳ᠋ᠯᠡᠨ᠎ᠡ᠂ ᠬᠠᠤᠯᠢ ᠪᠠᠷ ᠲᠣᠭᠲᠠᠭᠠᠭᠰᠠᠨ ᠨᠢᠭᠡ ᠲᠥᠯᠥᠭᠡᠯᠡᠭᠴᠢ ᠨᠢ ᠵᠥᠪᠭᠡᠨ ᠪᠢᠯᠧᠲ ᠠᠴᠠ ᠬᠡᠯᠲᠦᠷᠢᠭᠦᠯᠦᠭᠰᠡᠨ ᠨᠢᠭᠡ ᠬᠡᠦᠬᠡᠳ ᠲᠤ ᠪᠠᠷ᠎ᠠ ᠪᠤᠯᠬᠤ ᠶᠢ ᠵᠥᠪᠰᠢᠶᠡᠷᠡᠨ᠎ᠡ᠃      ᠲᠠᠪᠤ᠂ ᠡᠭᠦᠳᠡᠨ ᠪᠢᠯᠧᠲ ᠢ ᠬᠤᠳᠠᠯᠳᠤᠨ ᠠᠪᠬᠤ ᠲᠤᠭ᠎ᠠ ᠬᠡᠮᠵᠢᠶ᠎ᠡ ᠨᠢ ᠬᠢᠵᠠᠭᠠᠷᠯᠠᠯ ᠲᠠᠢ ᠤᠤ︖      ᠬᠦᠴᠦᠨ ᠪᠦᠬᠦᠢ 1 ᠦᠨᠡᠮᠯᠡᠯ ᠢᠶᠠᠷ ᠵᠥᠪᠭᠡᠨ ᠠᠳᠠᠯᠢ ᠨᠢᠭᠡᠨ ᠪᠢᠯᠧᠲ ᠬᠤᠳᠠᠯᠳᠤᠬᠤ ᠲᠠᠯᠠᠪᠤᠷ ᠤᠳᠠᠭ᠎ᠠ ᠶᠢᠨ 1 ᠪᠢᠯᠧᠲ ᠬᠤᠳᠠᠯᠳᠤᠨ ᠠᠪᠴᠤ ᠪᠣᠯᠣᠨ᠎ᠠ᠂ ᠭᠠᠭᠴᠠ ᠤᠳᠠᠭ᠎ᠠ ᠶᠢᠨ ᠵᠠᠬᠢᠶᠠᠯᠠᠭ᠎ᠠ ᠶᠢᠨ ᠬᠠᠭᠤᠳᠠᠰᠤ ᠳᠤ 5 ᠪᠢᠯᠧᠲ ᠬᠤᠳᠠᠯᠳᠤᠨ ᠠᠪᠬᠤ ᠪᠠᠷ ᠬᠢᠵᠠᠭᠠᠷᠯᠠᠨ᠎ᠠ᠃      ᠵᠢᠷᠭᠤᠭ᠎ᠠ᠂ ᠬᠠᠮᠢᠭ᠎ᠠ ᠠᠴᠠ ᠪᠢᠯᠧᠲ ᠤᠨ ᠶᠠᠪᠤᠳᠠᠯ ᠤᠨ ᠬᠤᠯᠪᠣᠭᠳᠠᠯ ᠪᠦᠬᠦᠢ ᠠᠰᠠᠭᠤᠳᠠᠯ   ᠢ ᠠᠰᠠᠭᠤᠨ ᠯᠠᠪᠯᠠᠵᠤ ᠪᠤᠯᠬᠤ ᠪᠤᠶ︖       ᠣᠯᠠᠨ ᠨᠡᠶᠢᠲᠡ ᠶᠢᠨ ᠠᠵᠢᠯᠯᠠᠬᠤ ᠴᠠᠭ ︵ᠦᠳᠡ ᠶᠢᠨ ᠡᠮᠦᠨᠡᠬᠢ 9᠄ 00 ︱ 12᠄ 00 ᠦᠳᠡ ᠶᠢᠨ ᠬᠤᠶᠢᠨᠠᠬᠢ 14᠄ 00 ︱ 17᠄ 00︶ ᠲᠤ ᠬᠥᠯᠥᠨ ᠪᠤᠶᠢᠷ ᠤᠨ ᠪᠢᠯᠧᠲ ᠤᠨ ᠶᠠᠪᠤᠳᠠᠯ ᠤᠨ ᠠᠯᠪᠠᠨ ᠤ ᠲᠠᠯ᠎ᠠ ᠶᠢᠨ ᠠᠰᠠᠭᠤᠨ ᠯᠠᠪᠯᠠᠬᠤ ᠬᠠᠯᠠᠮᠰᠢᠯ ᠤᠲᠠᠰᠤ︵0470 ︱ 8210052 ᠪᠤᠶᠤ 13694706953︶ ᠳᠤ ᠤᠲᠠᠰᠤᠳᠠᠵᠤ ᠬᠠᠮᠢᠶ᠎ᠠ ᠪᠦᠬᠦᠢ ᠮᠡᠳᠡᠭᠡ ᠵᠠᠩᠭᠢ ᠶᠢ ᠠᠰᠠᠭᠤᠨ ᠯᠠᠪᠯᠠᠵᠤ ᠪᠣᠯᠣᠨ᠎ᠠ᠃      ᠳᠣᠯᠤᠭ᠎ᠠ᠂ ᠨᠠᠰᠤᠲᠠᠶᠢᠴᠤᠳ ᠬᠡᠷᠬᠢᠨ ᠪᠢᠯᠧᠲ ᠬᠤᠳᠠᠯᠳᠤᠨ ᠠᠪᠬᠤ ᠪᠤᠶ︖      ᠪᠢᠳᠡ ᠲᠠᠯᠠᠪᠤᠷ ᠳᠣᠲᠣᠷᠠᠬᠢ ᠪᠢᠯᠧᠲ ᠬᠤᠳᠠᠯᠳᠤᠬᠤ ᠮᠤᠬᠤᠯᠠᠭ ᠵᠢᠴᠢ ᠰᠦᠯᠵᠢᠶᠡᠨ ᠭᠠᠳᠠᠨᠠᠬᠢ ᠳᠡᠯᠭᠡᠭᠦᠷ ᠤᠨ ᠣᠷᠣᠯᠠᠨ ᠬᠤᠳᠠᠯᠳᠤᠬᠤ ᠴᠡᠭ ᠭᠠᠷᠭᠠᠵᠤ᠂ ᠰᠦᠯᠵᠢᠶᠡᠨ ᠳᠡᠭᠡᠷᠡᠬᠢ ᠪᠢᠯᠧᠲ ᠬᠤᠳᠠᠯᠳᠤᠨ ᠠᠪᠬᠤ ᠠᠷᠭ᠎ᠠ ᠵᠠᠮ ᠤᠨ ᠨᠥᠬᠦᠪᠦᠷᠢ ᠪᠣᠯᠭᠠᠨ᠎ᠠ᠃      ᠨᠠᠢᠮᠠ᠂︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠬᠤᠭᠤᠴᠠᠭᠠᠨ ᠳᠤ ᠴᠠᠭᠠᠰᠤᠨ ᠪᠢᠯᠧᠲ ᠬᠠᠩᠭᠠᠬᠤ ᠶᠤᠮ ᠤᠤ᠂ ᠡᠯᠧᠺᠲᠷᠣᠨ ᠪᠢᠯᠧᠲ ᠬᠠᠩᠭᠠᠬᠤ ᠶᠤᠮ ᠤᠤ︖      ᠦᠵᠡᠭᠴᠢᠳ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠡᠭᠦᠳᠡᠨ ᠪᠢᠯᠧᠲ ᠬᠤᠳᠠᠯᠳᠤᠨ ᠠᠪᠬᠤ ᠳᠠᠭᠠᠨ ᠴᠥᠮ ᠴᠠᠭᠠᠰᠤᠨ ᠪᠢᠯᠧᠲ ᠪᠤᠶᠤ ᠡᠯᠧᠺᠲᠷᠣᠨ ᠪᠢᠯᠧᠲ ᠢ ᠥᠪᠡᠰᠦᠪᠡᠨ ᠰᠣᠩᠭᠤᠵᠤ ᠪᠣᠯᠣᠨ᠎ᠠ᠂ ᠪᠣᠬᠢᠷᠳᠤᠯ ᠦᠭᠡᠢ ᠪᠠᠷ ᠤᠷᠤᠯᠳᠤᠭᠠᠨ ᠡᠷᠭᠢᠯᠡᠭᠦ ᠣᠶᠢᠯᠠᠭᠠᠭᠳᠠᠬᠤᠨ ᠠᠴᠠ ᠡᠭᠦᠰᠴᠦ᠂ ᠡᠯᠧᠺᠲᠷᠣᠨ ᠪᠢᠯᠧᠲ ᠢ ᠬᠡᠷᠡᠭᠯᠡᠬᠦ ᠶᠢ ᠤᠷᠢᠶᠠᠯᠠᠵᠤ ᠪᠠᠶᠢᠨ᠎ᠠ᠃      ᠶᠢᠰᠦ᠂ ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠰᠦᠯᠵᠢᠶᠡᠨ ᠳᠡᠭᠡᠷ᠎ᠡ ᠪᠢᠯᠧᠲ ᠬᠤᠳᠠᠯᠳᠤᠨ ᠠᠪᠬᠤ ᠳᠤ ᠡᠷᠬᠡᠪᠰᠢ ᠴᠠᠭᠠᠰᠤᠨ ᠪᠢᠯᠧᠲ ᠰᠣᠯᠢᠵᠤ ᠠᠪᠴᠤ ᠲᠠᠯᠠᠪᠠᠶ ᠳᠤ ᠣᠷᠣᠬᠤ ᠬᠡᠷᠡᠭᠲᠡᠢ ᠤᠤ︖      ᠣᠯᠠᠨ ᠨᠡᠶᠢᠲᠡ ᠪᠠᠷ ᠢᠶᠠᠨ ᠵᠠᠬᠢᠶᠠᠯᠠᠭ᠎ᠠ ᠶᠢᠨ ᠬᠠᠭᠤᠳᠠᠰᠤ ᠪᠠᠨ ᠲᠤᠰᠢᠶᠠᠬᠤ ᠳᠠᠭᠠᠨ ᠲᠠᠯᠠᠪᠤᠷ ᠲᠤ ᠣᠷᠣᠬᠤ ᠠᠷᠭ᠎ᠠ ᠮᠠᠶ᠋ᠢᠭ ᠢ ᠰᠣᠩᠭᠤᠵᠤ ᠪᠣᠯᠣᠨ᠎ᠠ᠂ ᠬᠡᠷᠪᠡ ᠡᠯᠧᠺᠲᠷᠣᠨ ᠪᠢᠯᠧᠲ ᠢ ᠰᠣᠩᠭᠤᠵᠤ ᠲᠠᠯᠠᠪᠤᠷ ᠲᠤ ᠣᠷᠣᠪᠠᠯ ᠳᠠᠷᠤᠢ ᠬᠦᠴᠦᠨ ᠪᠦᠬᠦᠢ ᠡᠯᠧᠺᠲᠷᠣᠨ ᠬᠤᠶᠠᠷ ᠬᠡᠮᠵᠢᠯᠲᠦ ᠺᠣᠳ᠋ ᠢᠶᠠᠷ ᠲᠠᠯᠠᠪᠤᠷ ᠲᠤ ᠣᠷᠣᠵᠤ ᠪᠣᠯᠣᠨ᠎ᠠ᠂ ᠬᠡᠷᠪᠡ ᠴᠠᠭᠠᠰᠤᠨ ᠪᠢᠯᠧᠲ ᠢ ᠰᠣᠩᠭᠤᠵᠤ ᠲᠠᠯᠠᠪᠤᠷ ᠲᠤ ᠣᠷᠣᠪᠠᠯ᠂ ᠲᠤᠬᠠᠢ ᠶᠢᠨ ᠲᠠᠯᠠᠪᠤᠷ ᠤᠨ ᠪᠢᠯᠧᠲ ᠬᠤᠳᠠᠯᠳᠤᠬᠤ ᠮᠤᠬᠤᠯᠠᠭ ᠲᠤ ᠬᠦᠷᠴᠦ ᠬᠦᠴᠦᠨ ᠪᠦᠬᠦᠢ ᠡᠯᠧᠺᠲᠷᠣᠨ ᠬᠤᠶᠠᠷ ᠬᠡᠮᠵᠢᠯᠲᠦ ᠺᠣᠳ᠋ ᠢᠶᠠᠷ ᠴᠠᠭᠠᠰᠤᠨ ᠪᠢᠯᠧᠲ ᠰᠣᠯᠢᠵᠤ ᠠᠪᠤᠭᠰᠠᠨ ᠤ ᠳᠠᠷᠠᠭ᠎ᠠ ᠲᠠᠯᠠᠪᠤᠷ ᠲᠤ ᠣᠷᠣᠵᠤ ᠪᠣᠯᠣᠨ᠎ᠠ᠃      ᠠᠷᠪᠠ᠂ ᠡᠭᠦᠳᠡᠨ ᠪᠢᠯᠧᠲ ᠢ ᠬᠤᠳᠠᠯᠳᠤᠨ ᠠᠪᠤᠪᠠᠯ ᠪᠤᠴᠠᠭᠠᠵᠤ ᠰᠣᠯᠢᠵᠤ ᠪᠤᠯᠬᠤ ᠤᠤ︖      ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠡᠭᠦᠳᠡᠨ ᠪᠢᠯᠧᠲ ᠢ ᠬᠤᠳᠠᠯᠳᠤᠨ ᠠᠪᠤᠭᠰᠠᠨ ᠤ ᠳᠠᠷᠠᠭ᠎ᠠ᠂ ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠡᠭᠦᠳᠡᠨ ᠪᠢᠯᠧᠲ ᠢ ᠠᠰᠲᠠᠭᠠᠨ ᠲᠣᠭᠲᠠᠭᠠᠯ ᠲᠠᠢ ᠪᠤᠶᠤ ᠤᠷᠤᠯᠳᠤᠭᠠᠨ ᠢ ᠬᠦᠴᠦᠨ ᠦᠭᠡᠢ ᠪᠤᠯᠭᠠᠬᠰᠠᠨ ᠠᠴᠠ ᠪᠤᠰᠤᠳ ᠢ ᠨᠢ ᠴᠥᠮ ᠪᠤᠴᠠᠭᠠᠵᠤ ᠰᠣᠯᠢᠵᠤ ᠪᠤᠯᠬᠤ ᠦᠭᠡᠢ᠃ ᠬᠡᠷᠪᠡ ᠤᠷᠤᠯᠳᠤᠭᠠᠨ   ᠢ ᠬᠦᠴᠦᠨ ᠦᠭᠡᠢ ᠪᠤᠯᠭᠠᠬᠤ ᠳᠤ ᠭᠦᠷᠪᠡᠯ᠂ ᠪᠢᠯᠧᠲ ᠲᠠᠢ ᠦᠵᠡᠭᠴᠢᠳ ᠪᠢᠯᠧᠲ ᠪᠤᠴᠠᠭᠠᠬᠤ ᠭᠤᠶᠤᠴᠢᠯᠠᠯ ᠢᠶᠠᠨ ᠰᠦᠯᠵᠢᠶᠡᠨ ᠳᠡᠭᠡᠷ᠎ᠡ ᠲᠤᠰᠢᠶᠠᠬᠤ ᠴᠢᠬᠤᠯᠠ ᠦᠭᠡᠢ᠂ ᠬᠥᠯᠥᠨ ᠪᠤᠶᠢᠷ ᠤᠨ ᠤᠷᠤᠯᠳᠤᠭᠠᠨ ᠤ ᠲᠣᠭᠤᠷᠢᠭ ᠠᠴᠠ ᠪᠢᠯᠧᠲ ᠪᠤᠴᠠᠭᠠᠬᠤ ᠶᠠᠪᠤᠳᠠᠯ ᠢ ᠨᠢᠭᠡᠳᠦᠯᠲᠡᠢ ᠲᠣᠬᠢᠷᠠᠭᠤᠯᠤᠨ᠎ᠠ᠂ ᠴᠠᠭᠠᠰᠤᠨ ᠪᠢᠯᠧᠲ ᠢ ᠢᠯᠡᠭᠡᠬᠦ ᠴᠢᠬᠤᠯᠠ ᠦᠭᠡᠢ᠂ ᠡᠯᠧᠺᠲᠷᠣᠨ ᠪᠢᠯᠧᠲ ᠢ ᠰᠦᠯᠵᠢᠶᠡᠨ ᠳᠡᠭᠡᠷ᠎ᠡ ᠬᠦᠴᠦᠨ ᠦᠭᠡᠢ ᠪᠣᠯᠭᠠᠨ᠎ᠠ᠂ ᠪᠤᠰᠤᠳ ᠤᠷᠤᠯᠳᠤᠭᠠᠨ ᠤ ᠲᠠᠯᠠᠪᠤᠷ ᠤᠨ ᠪᠢᠯᠧᠲ ᠢ ᠰᠣᠯᠢᠬᠤ ᠪᠠᠷ ᠱᠠᠭᠠᠷᠳᠠᠵᠤ ᠪᠤᠯᠬᠤ ᠦᠭᠡᠢ᠃      ᠠᠷᠪᠠᠨ ᠨᠢᠭᠡ᠂ ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ ᠶᠢ ᠬᠡᠵᠢᠶ᠎ᠡ ᠵᠣᠭᠰᠤᠭᠠᠬᠤ ᠪᠤᠢ︖      ᠪᠢᠯᠧᠲ ᠤᠨ ᠶᠠᠪᠤᠳᠠᠯ ᠤᠨ ᠲᠥᠰᠥᠯ ᠤᠨ ᠱᠠᠭᠠᠷᠳᠠᠯᠭ᠎ᠠ ᠶᠣᠰᠣᠭᠠᠷ ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ ᠡᠴᠦᠰ ᠤᠨ ᠴᠠᠭ ᠨᠢ ᠤᠷᠤᠯᠳᠤᠭᠠᠨ ᠡᠬᠢᠯᠡᠬᠦ ᠠᠴᠠ ᠡᠮᠦᠨᠡᠬᠢ 72 ᠴᠠᠭ ᠪᠣᠯᠣᠨ᠎ᠠ᠃      ᠢᠷᠡᠯᠲᠡ᠄ ︽ᠬᠥᠯᠥᠨ ᠪᠤᠶᠢᠷ ᠤᠨ ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ ᠤ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ︾ ᠶᠢᠨ ᠠᠯᠪᠠᠨ ᠵᠢᠷᠭᠢᠶ᠎ᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号