1 ᠰᠠᠷ᠎ᠠ ᠶᠢᠨ 2 ᠤᠨ ᠡᠳᠦᠷ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ︽2024 ᠣᠨ ᠤ | ︿ᠲᠠᠪᠤᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ | ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠲᠥᠰᠥᠯ ᠳᠤ ᠭᠤᠣᠯᠳᠠᠭᠤ | ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ᠂ ᠣᠶᠤᠲᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠵᠡᠷᠭᠡ ᠲᠠᠯ᠎ᠠ ᠪᠠᠷ ᠨᠠᠷᠢᠯᠢᠭ | ᠣᠨᠣᠴᠠᠲᠠᠢ ᠪᠠᠷ ᠳᠡᠮᠵᠢᠬᠦ ᠠᠷᠭ᠎ᠠ ᠬᠡᠮᠵᠢᠶ᠎ᠡ ᠲᠣᠭᠲᠠᠭᠠᠵᠤ᠂ ᠪᠦᠭᠦ ᠵᠢᠯ ᠳᠤ ᠪᠠᠭ᠎ᠠ ᠳᠠᠭᠠᠨ 5 ᠲᠦᠮᠡᠨ ᠬᠥᠮᠥᠨ᠂ | ᠴᠢᠳᠠᠪᠠᠯ 6 ᠲᠦᠮᠡᠨ ᠣᠶᠤᠲᠠᠨ ᠢ ᠭᠦᠭᠡᠬᠤᠲᠠ ᠳᠤ ᠢᠷᠡᠭᠦᠯᠵᠦ᠂ ᠭᠦᠭᠡᠬᠤᠲᠠ ᠳᠤ ᠬᠠᠷᠢᠭᠤᠯᠵᠤ᠂ ᠭᠦᠭᠡᠬᠤᠲᠠ ᠳᠤ | ᠦᠯᠡᠳᠡᠭᠡᠵᠦ ᠠᠵᠢᠯ ᠣᠯᠭᠤᠨ ᠠᠳᠠᠯ ᠦᠢᠯᠡᠰ ᠴᠣᠭᠴᠠᠯᠠᠭᠤᠯᠤᠨ᠎ᠠ ᠭᠡᠵᠦ ᠳᠤᠷᠠᠳᠤᠨ ᠭᠠᠷᠭᠠᠵᠠᠢ᠃ | | | | ᠲᠥᠰᠥᠯ ᠨᠢ ᠠᠵᠢᠯ ᠣᠯᠭᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠣᠶᠤᠲᠠᠳ ᠤᠨ ᠬᠠᠮᠤᠭ ᠠᠴᠠ | ᠠᠩᠬᠠᠷᠴᠤ ᠪᠠᠶᠢᠭ᠎ᠠ ᠠᠵᠢᠯ ᠣᠯᠭᠤᠯᠲᠠ ᠶᠢᠨ ᠠᠵᠢᠯ ᠤᠨ ᠪᠠᠶᠢᠷᠢ᠂ ᠤᠷ᠎ᠠ ᠴᠢᠳᠠᠪᠤᠷᠢ ᠶᠢᠨ ᠳᠡᠭᠡᠭᠰᠢᠯᠡᠭᠦᠯᠦᠯᠲᠡ᠂ | ᠰᠢᠨ᠎ᠡ ᠶᠢ ᠡᠭᠦᠳᠴᠦ ᠦᠢᠯᠡᠰ ᠴᠣᠭᠴᠠᠯᠠᠬᠤ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠠᠴᠠ | ᠭᠠᠷᠳᠠᠵᠤ᠂ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾ ︽ᠦᠢᠯᠡᠰ ᠴᠣᠭᠴᠠᠯᠠᠬᠤ ᠳᠤ ᠲᠤᠰᠠᠯᠠᠬᠤ︾ | ︽ᠴᠢᠳᠠᠪᠤᠷᠢᠲᠠᠨ ᠡᠯᠰᠡᠵᠦ ᠤᠬᠠᠭᠠᠨᠲᠠᠨ ᠢ ᠣᠷᠣᠭᠤᠯᠬᠤ︾ ᠵᠡᠷᠭᠡ 8 ᠵᠦᠢᠯ ᠤᠨ ᠠᠵᠢᠯᠯᠠᠭ᠎ᠠ᠂ 22 ᠵᠦᠢᠯ ᠤᠨ | ᠠᠷᠭ᠎ᠠ ᠬᠡᠮᠵᠢᠶ᠎ᠡ ᠶᠢ ᠪᠣᠳᠠᠲᠠᠢ ᠬᠡᠷᠡᠭᠵᠢᠭᠦᠯᠦᠨ᠎ᠡ᠃ | | | | 2024 ᠣᠨ ᠳᠤ᠂ ᠭᠦᠭᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠦᠢᠯᠡᠰ ᠤᠨ | ᠲᠥᠪᠯᠡᠷᠡᠯ ᠢ ᠦᠷᠭᠦᠯᠵᠢᠯᠡᠨ ᠠᠳᠬᠤᠵᠤ᠂ 1100 ᠠᠴᠠ ᠳᠡᠭᠡᠭᠰᠢ ᠭᠤᠣᠯᠳᠠᠯᠭ᠎ᠠ ᠲᠠᠢ ᠲᠦᠷᠦᠯ ᠵᠦᠢᠯ ᠢ | ᠬᠡᠷᠡᠭᠵᠢᠭᠦᠯᠵᠦ᠂ 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠠᠵᠤ ᠦᠢᠯᠡᠰ ᠢᠶᠠᠷ | ᠠᠵᠢᠯ ᠣᠯᠭᠤᠯᠲᠠ ᠶᠢ ᠳᠠᠶᠢᠴᠢᠯᠠᠬᠤ ᠶᠢ ᠭᠦᠢᠴᠡᠳ ᠪᠠᠳᠠᠷᠠᠭᠤᠯᠤᠨ᠎ᠠ᠃ ᠴᠢᠨᠠᠷ ᠰᠠᠶᠢᠲᠠᠢ ᠠᠵᠢᠯ ᠤᠨ ᠪᠠᠶᠢᠷᠢ ᠶᠢ | ᠡᠭᠦᠳᠬᠦ ᠲᠠᠯ᠎ᠠ ᠪᠠᠷ᠂︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾ ᠠᠵᠢᠯᠯᠠᠭ᠎ᠠ ᠶᠢ ᠬᠡᠷᠡᠭᠵᠢᠭᠦᠯᠬᠦ ᠶᠢ | ᠳᠤᠷᠠᠳᠤᠨ ᠭᠠᠷᠭᠠᠵᠤ᠂ ᠦᠢᠯᠡᠳᠬᠡᠯ ᠤᠨ ᠦᠢᠯᠡᠰ ᠲᠤ ᠪᠡᠯᠡ ᠣᠷᠣᠭᠤᠯᠬᠤ ᠵᠦᠢᠯᠡᠰ ᠢ 70 ᠠᠴᠠ ᠳᠡᠭᠡᠭᠰᠢ ᠲᠠᠳᠠᠨ | ᠠᠪᠴᠢᠷᠠᠵᠤ᠂ ︽ᠲᠤᠰᠬᠠᠢ ᠨᠠᠷᠢᠯᠢᠭ ᠣᠨᠴᠠ ᠰᠢᠨ᠎ᠡ︾᠂ ︽ᠰᠢᠨ᠎ᠡ ᠶᠢ ᠡᠭᠦᠳᠬᠦ ᠭᠡᠯᠪᠡᠷᠢ︾ ᠶᠢᠨ ᠳᠤᠮᠳᠠ ᠪᠠᠭ᠎ᠠ ᠠᠵᠤ | ᠠᠬᠤᠶᠢᠯᠠᠯ ᠢ 40 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ | ᠵᠦᠢᠯᠡᠰ ᠢ 30 ᠠᠴᠠ ᠳᠡᠭᠡᠭᠰᠢ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ 4.8 ᠲᠦᠮᠡ ᠠᠴᠠ ᠳᠡᠭᠡᠭᠰᠢ | ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠲᠠᠶᠢᠴᠢᠯᠠᠨ᠎ᠠ᠃ | | | | ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠳᠡᠮᠵᠢᠬᠦ︾ ︽ᠰᠤᠷᠭᠠᠭᠤᠯᠢ ᠳᠤ ᠬᠦᠷᠴᠦ ᠠᠵᠢᠯ ᠤᠨ ᠪᠠᠶᠢᠷᠢ | ᠬᠠᠩᠭᠠᠬᠤ︾ᠵᠡᠷᠭᠡ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠣᠶᠤᠲᠠᠳ ᠤᠨ ᠵᠠᠬ᠎ᠠ ᠳᠡᠯᠭᠡᠭᠦᠷ ᠯᠦᠭᠡ | ᠪᠦᠲᠦᠮᠵᠢᠲᠡᠶ ᠵᠣᠯᠭᠠᠯᠳᠤᠬᠤ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠪᠠ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠶᠢᠨ︽ᠬᠤᠣᠰ ᠪᠠᠲᠤᠯᠠᠭ᠎ᠠ︾ ᠶᠢ ᠪᠡᠶᠡᠯᠡᠭᠦᠯᠵᠦ᠂ ᠣᠶᠤᠲᠠᠳ ᠲᠤ ᠪᠡᠶ᠎ᠡ ᠳᠤᠨᠢ | ᠲᠣᠬᠢᠷᠠᠭᠤᠯᠤᠨ ᠲᠣᠭᠲᠠᠭᠠᠭᠰᠠᠨ ᠦᠢᠯᠡᠴᠢᠯᠡᠭᠡ ᠬᠠᠩᠭᠠᠨ᠎ᠠ᠃ | | | | ᠪᠠᠲᠤᠯᠠᠭ᠎ᠠ ᠶᠢᠨ ᠠᠵᠢᠯ ᠤᠨ ᠲᠠᠯ᠎ᠠ ᠪᠠᠷ᠂ ᠭᠦᠭᠡᠬᠤᠲᠠ ᠶᠢᠨ ᠬᠢᠨ ᠣᠷᠣᠨ ᠰᠠᠭᠤᠴᠠ ᠶᠢᠨ ᠡᠬᠢ ᠪᠠᠶᠠᠯᠢᠭ ᠤᠨ | ᠬᠠᠩᠭᠠᠯᠭ᠎ᠠ ᠶᠢ ᠨᠡᠮᠡᠭᠳᠡᠭᠦᠯᠬᠦ᠂ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠣᠯᠭᠤᠬᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ | ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠬᠦ᠂ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠪᠠᠶᠢᠷᠢ ᠪᠠ ᠨᠡᠶᠢᠲᠡ ᠶᠢᠨ ᠪᠠᠶᠢᠷᠢ ᠲᠣᠬᠢᠷᠠᠭᠤᠯᠤᠨ ᠪᠠᠶᠢᠭᠤᠯᠬᠤ ᠶᠢ ᠵᠣᠷᠢᠭᠵᠢᠭᠤᠯᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠣᠶᠤᠲᠠᠳ ᠢ ᠬᠠᠪᠰᠤᠷᠤᠨ ᠢᠳᠡᠵᠦ ᠡᠮᠦᠰᠬᠦ ᠶᠠᠪᠤᠵᠤ ᠰᠠᠭᠤᠬᠤ ᠶᠢᠨ | ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠠᠶᠢᠲᠤᠷ ᠰᠢᠢᠳᠪᠦᠷᠢᠯᠡᠵᠦ ᠥᠭᠬᠦ ᠪᠣᠯᠣᠨ᠎ᠠ᠃ ᠲᠥᠰᠥᠯ ᠳᠤ᠂ 2024 | ᠣᠨ ᠳᠤ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ᠂ ᠠᠵᠤ ᠠᠬᠤᠶᠢᠯᠠᠯ ᠲᠣᠬᠢᠷᠠᠭᠤᠯᠤᠨ ᠪᠠᠶᠢᠭᠤᠯᠬᠤ ᠪᠠ ᠵᠠᠬ᠎ᠠ | ᠳᠡᠯᠭᠡᠭᠦᠷ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠲᠡ ᠶᠢᠨ ᠲᠦᠷᠢᠶᠡᠰᠦᠨ ᠭᠡᠷ | ᠪᠠᠶᠢᠰᠢᠩ 2000 ᠢᠵᠢ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ 3000 ᠢᠵᠢ ᠪᠡᠯᠡ | ᠴᠤᠭᠯᠠᠭᠤᠯᠤᠨ ᠪᠠᠶᠢᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠭᠦᠭᠡᠬᠤᠲᠠ ᠳᠤ ᠭᠡᠷ ᠪᠠᠶᠢᠰᠢᠩ ᠦᠭᠡᠢ | ᠵᠠᠯᠠᠭᠤᠴᠤᠳ ᠪᠠ ᠰᠢᠨ᠎ᠡ ᠬᠤᠲᠠ ᠶᠢᠨ ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ | ᠲᠦᠷᠢᠶᠡᠰᠦᠯᠡᠨ ᠰᠠᠭᠤᠬᠤ ᠪᠠᠷ ᠭᠤᠶᠤᠴᠢᠯᠠᠪᠠᠯ᠂ ᠲᠦᠷᠢᠶᠡᠰᠦᠨ ᠮᠥᠩᠭᠦ ᠨᠢ ᠵᠠᠬ᠎ᠠ ᠳᠡᠯᠭᠡᠭᠦᠷ ᠤᠨ ᠦᠨ᠎ᠡ ᠶᠢᠨ | 70% ᠠᠴᠠ ᠬᠡᠲᠦᠷᠡᠵᠦ ᠪᠤᠯᠬᠤ ᠦᠭᠡᠢ;ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ | ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠨᠠᠬᠤ ᠶᠣᠰᠣᠲᠠᠢ ᠶᠢ ᠨᠢ ᠪᠦᠭᠦᠨ ᠢ ᠬᠢᠨᠠᠨ᠂ | ᠣᠯᠭᠤᠬᠤ ᠶᠣᠰᠣᠲᠠᠢ ᠳᠤ ᠨᠢ ᠪᠦᠭᠦᠨ ᠢ ᠣᠯᠭᠤᠵᠤ᠂ ᠡᠳ᠋ᠯᠡᠬᠦ ᠶᠣᠰᠣᠲᠠᠢ ᠳᠤ ᠨᠢ ᠪᠦᠭᠦᠨ ᠢ ᠡᠳ᠋ᠯᠡᠭᠦᠯᠭᠦ ᠶᠢ | ᠪᠡᠶᠡᠯᠡᠭᠦᠯᠦᠨ᠎ᠡ᠃ ᠡᠭᠦᠨ ᠠᠴᠠ ᠭᠠᠳᠠᠨ᠎ᠠ᠂ ᠲᠥᠰᠥᠯ ᠳᠤ ᠪᠠᠰᠠ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠪᠠᠶᠢᠷᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ ᠪᠦᠷᠢᠳᠦᠭᠦᠯᠬᠦ | ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠵᠠᠢ᠃ | ︵ᠢᠷᠡᠯᠲᠡ᠄ ᠰᠢᠨᠬᠤᠸᠠ ᠰᠦᠯᠵᠢᠶ᠎ᠡ︶ | | |