ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ 2024 ᠣᠨ ᠤ 7 ᠭᠤᠣᠯᠳᠠᠯᠭ᠎ᠠ ᠲᠠᠢ ᠠᠵᠢᠯ
ᠨᠡᠶᠢᠲᠡᠯᠡᠭᠰᠡᠨ ᠴᠠᠭ᠄
2024/1/4
     ︽2024 ᠣᠨ ᠳᠤ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ 7 ᠲᠠᠯ᠎ᠠ ᠪᠠᠷ ᠬᠦᠴᠦᠯᠡᠵᠦ ᠪᠠᠶᠢᠭᠠᠳ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠨ᠎ᠡ︾᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠬᠤᠷᠠᠯ ᠠᠴᠠ 2024 ᠣᠨ ᠤ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠪᠠ᠃      ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠤᠨ᠎ᠠ᠃ ᠡᠷᠴᠢ ᠵᠣᠷᠢᠭ ᠢᠶᠠᠨ ᠬᠥᠪᠴᠢᠯᠡᠨ᠂ ᠰᠢᠷᠭᠠᠭᠤ ᠬᠠᠲᠠᠭᠤᠵᠢᠯᠲᠠᠢ ᠠᠵᠢᠯᠯᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ ︽ᠰᠠᠨᠠᠯ︾ ᠢ ᠪᠣᠳᠠᠲᠠᠶᠢᠵᠢᠭᠤᠯᠤᠨ ᠨᠠᠷᠢᠯᠢᠭᠵᠢᠭᠤᠯᠵᠤ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃      ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ ᠨᠠᠩ ᠰᠠᠶᠢᠨ ᠪᠠᠳᠠᠷᠠᠭᠤᠯᠤᠨ᠎ᠠ᠃ ᠲᠥᠷᠥᠯ ᠵᠦᠢᠯ ᠢ ᠲᠥᠰᠥᠪᠯᠡᠨ ᠨᠥᠭᠡᠴᠡᠯᠡᠬᠦ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃      ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠬᠦ ᠶᠢ ᠴᠢᠩᠭᠠᠳᠬᠠᠨ᠎ᠠ᠃      ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠨᠡᠩ ᠶᠡᠭᠡ ᠡᠷᠴᠢᠮ ᠲᠠᠢ ᠠᠬᠢᠭᠤᠯᠤᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠭᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠶᠢᠳᠠᠯ  ᠢᠶᠠᠨ ᠣᠯᠣᠯᠴᠠᠨ ᠰᠠᠨᠠᠯ ᠢᠶᠠᠨ ᠰᠣᠯᠢᠯᠴᠠᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃      ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠵᠦ᠂ ᠡᠬᠢ ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ︽1 + N + X︾ ᠤᠨ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤ ᠬᠦᠷᠦᠭᠦᠯᠬᠦ ᠠᠷᠪᠠᠨ ᠬᠤᠶᠠᠷ ᠶᠡᠭᠡ ᠠᠵᠢᠯᠯᠠᠭ᠎ᠠ︾ ᠶᠢ  ᠶᠠᠪᠤᠭᠳᠠᠭᠤᠯᠵᠤ᠂ ᠡᠷᠭᠢᠯᠲᠡᠲᠦ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃      ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤ ᠦᠢᠯᠡᠴᠢᠯᠡᠨ᠎ᠡ᠃ ᠤᠯᠤᠰ ᠤᠨ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠬᠤ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃      ᠶᠡᠷᠦᠩᠬᠡᠶᠢᠯᠡᠨ ᠨᠢᠭᠡᠳᠦᠯᠲᠡᠢ ᠲᠥᠯᠥᠪᠯᠡᠬᠦ ᠪᠠ ᠶᠡᠷᠦᠩᠬᠡᠶᠢᠯᠡᠨ ᠲᠡᠩᠴᠡᠭᠦᠷᠢᠲᠡᠢ ᠪᠠᠶᠢᠯᠭᠠᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠡᠵᠡᠮᠰᠢᠨ ᠰᠢᠢᠳᠪᠦᠷᠢᠯᠡᠨ᠎ᠡ᠃ ᠭᠠᠵᠠᠷ ᠣᠷᠣᠨ᠂ ᠰᠠᠯᠠᠭ᠎ᠠ ᠮᠥᠴᠢᠷ᠂ ᠠᠵᠢᠯ ᠲᠥᠷᠥᠯ᠂ ᠬᠦᠷᠢᠶ᠎ᠡ ᠴᠠᠷᠠᠭ᠎ᠠ᠂ ᠴᠠᠭ ᠬᠤᠭᠤᠴᠠᠭ᠎ᠠ ᠠᠯᠤᠰᠯᠠᠭᠰᠠᠨ ᠴᠢᠬᠤᠯᠠ ᠶᠡᠭᠡ ᠵᠦᠢᠯᠡᠰ᠂ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠯᠡᠬᠦ᠂ ᠵᠣᠬᠢᠴᠠᠭᠤᠯᠬᠤ᠂ ᠲᠡᠩᠴᠡᠭᠦᠷᠢᠲᠡᠢ ᠪᠠᠶᠢᠯᠭᠠᠬᠤ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠬᠥᠭᠵᠢᠯᠲᠡ ᠪᠠ ᠠᠮᠤᠷ ᠲᠦᠪᠰᠢᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠷᠳᠣ ᠬᠤᠭᠤᠴᠠᠭᠠᠨ ᠤ ᠬᠠᠷᠠᠯᠲᠠ ᠪᠠ ᠣᠬᠤᠷ ᠬᠤᠭᠤᠴᠠᠭᠠᠨ ᠤ ᠡᠭᠦᠷᠭᠡ ᠶᠢ ᠴᠥᠮ ᠰᠠᠶᠢᠲᠤᠷ ᠨᠢᠭᠡᠳᠦᠯᠲᠡᠢ ᠲᠥᠯᠥᠪᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号