ᠭᠤᠣ ᠹᠧᠩ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠳᠠᠯᠳᠠᠭᠤᠷ ᠰᠢᠮᠳᠠᠭᠤᠯᠤᠨ ᠪᠠᠶᠢᠴᠠᠭᠠᠵᠠᠢ
ᠨᠡᠶᠢᠲᠡᠯᠡᠭᠰᠡᠨ ᠴᠠᠭ᠄
2024/1/5
     2024 ᠣᠨ ᠤ 1 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠳᠠᠯᠳᠠᠭᠤᠷ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃      ᠭᠤᠣ ᠹᠧᠩ᠂ ᠰᠢᠶᠠᠨ ᠤ ᠮᠠᠰᠢᠨ ᠲᠡᠷᠭᠡᠨ ᠤ ᠥᠷᠲᠡᠭᠡᠨ ᠳᠤ᠂ ᠲᠡᠷᠭᠡᠨ ᠥᠷᠲᠡᠭᠡᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭ᠎ᠠ᠂ ᠠᠶᠠᠨᠴᠢᠳ ᠤᠨ ᠬᠥᠮᠦᠨ ᠤᠳᠠᠭ᠎ᠠ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠪᠠᠶᠢᠳᠠᠯ ᠢ ᠣᠶᠢᠯᠠᠭᠠᠵᠤ᠂ ᠡᠵᠡᠩᠨᠡᠯᠲᠡ ᠶᠢᠨ ᠡᠮᠬᠢ ᠵᠢᠷᠤᠮ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠪᠣᠳᠠᠲᠠᠶ ᠭᠠᠵᠠᠷ ᠲᠤᠨᠢ ᠪᠠᠶᠢᠴᠠᠭᠠᠨ ᠦᠵᠡᠵᠦ᠂ ᠲᠡᠷᠭᠡᠨ ᠥᠷᠲᠡᠭᠡᠨ ᠤ ᠬᠠᠷᠢᠭᠤᠴᠠᠯᠭᠠᠲᠠᠨ ᠳᠤ ᠰᠠᠨᠠᠭᠤᠯᠤᠭᠰᠠᠨ ᠨᠢ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠴᠤ᠂ ᠪᠠᠭᠤᠳᠠᠯ ᠥᠷᠲᠡᠭᠡᠨ ᠤ ᠳᠣᠲᠣᠨ᠎ᠠ ᠭᠠᠳᠠᠨ᠎ᠠ ᠵᠢᠴᠢ ᠠᠶᠠᠨᠴᠢᠳ ᠤᠨ ᠮᠠᠰᠢᠨ ᠲᠡᠷᠭᠡᠨ ᠤ ᠳᠣᠲᠣᠷᠠᠬᠢ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ ᠰᠢᠯᠢᠳᠡᠭᠵᠢᠭᠦᠯᠵᠦ᠂ ᠲᠡᠭᠡᠭᠡᠪᠦᠷᠢ ᠶᠢᠨ ᠦᠢᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠡᠪᠦᠯ ᠤᠨ ᠤᠯᠠᠷᠢᠯ ᠤᠨ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠡᠷᠭᠡᠨ ᠳᠤ ᠰᠠᠭᠤᠬᠤ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠲᠤᠯᠭᠠᠮ᠎ᠠ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠪᠣᠯᠪᠠᠰᠤᠨ ᠤ ᠴᠣᠩᠬᠤ ᠶᠢ ᠦᠨᠡᠨ ᠬᠦ ᠭᠡᠷᠡᠯᠲᠦᠭᠦᠯᠦᠨ᠂ ᠥᠷᠭᠡᠨ ᠣᠯᠠᠨ ᠲᠦᠮᠡᠨ ᠳᠤ ᠬᠤᠲᠠ ᠪᠠᠶᠢᠭᠤᠯᠬᠤ ᠳᠤᠮᠳᠠ ᠪᠣᠳᠠᠲᠤ ᠠᠰᠢᠭ ᠬᠦᠷᠲᠡᠭᠡᠬᠦ ᠬᠡᠷᠡᠭᠲᠡᠶ ᠭᠡᠵᠡᠶ᠃      ᠪᠠᠷᠠᠭᠤᠨ ᠬᠥᠭᠦᠷᠭᠡ ᠶᠢᠨ ᠲᠣᠨᠣᠯᠵᠢᠨ ᠵᠠᠮ ᠳᠤ ᠭᠤᠣ ᠹᠧᠩ᠂ ᠵᠠᠮ ᠬᠠᠷᠢᠯᠴᠠᠭᠠᠨ ᠤ ᠴᠡᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠠᠮ ᠬᠠᠷᠢᠯᠴᠠᠭᠠᠨ ᠤ ᠡᠷᠲᠡ ᠦᠳᠡ ᠤᠷᠤᠢ ᠶᠢᠨ ᠤᠷᠬᠢᠯ ᠤᠨ ᠬᠤᠭᠤᠴᠠᠭᠠᠨ ᠳᠤ ᠵᠠᠮ ᠬᠠᠷᠢᠯᠴᠠᠭᠠᠨ ᠤ ᠲᠦᠭᠵᠢᠷᠡᠯ ᠢ ᠠᠮᠠᠷᠬᠠᠨ ᠡᠭᠦᠰᠭᠡᠬᠦ ᠠᠰᠠᠭᠤᠳᠠᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠴᠠᠭᠳᠠᠭᠠᠨ ᠤ ᠬᠦᠴᠦᠨ ᠢ ᠨᠡᠮᠡᠨ ᠲᠣᠮᠢᠯᠠᠵᠤ ᠵᠠᠮ ᠬᠠᠷᠢᠯᠴᠠᠭᠠᠨ ᠤ ᠤᠷᠬᠢᠯ ᠤᠨ ᠬᠤᠭᠤᠴᠠᠭᠠᠨ ᠳᠤ ᠠᠵᠢᠯ ᠤᠨ ᠪᠠᠶᠢᠷᠢ ᠪᠠ ᠬᠠᠷᠢᠭᠤᠴᠠᠯᠭ᠎ᠠ ᠶᠢ ᠲᠣᠭᠲᠠᠭᠠᠨ ᠬᠠᠮᠠᠭᠠᠯᠠᠬᠤ᠂ ᠬᠥᠳᠡᠯᠦᠩᠭᠦᠶ ᠴᠠᠭᠳᠠᠨ ᠵᠢᠯᠣᠭᠤᠳᠴᠤ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠰᠢᠨᠲᠤ ᠲᠡᠷᠭᠡ ᠪᠠ ᠶᠠᠪᠠᠭᠠᠨ ᠬᠥᠮᠦᠨ ᠤ ᠪᠣᠯᠪᠠᠰᠤᠨ ᠢᠶᠠᠷ ᠠᠶᠠᠯᠠᠬᠤ ᠶᠢ ᠵᠢᠷᠤᠮᠵᠢᠭᠤᠯᠵᠤ᠂ ᠬᠤᠳᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠡᠮᠬᠢ ᠵᠢᠷᠤᠮ ᠲᠠᠢ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠲᠤᠷᠠᠨ ᠴᠠᠭ ᠢ ᠠᠮᠵᠢᠨ ᠠᠷᠭ᠎ᠠ ᠰᠦᠪᠡᠭᠴᠢᠯᠡᠵᠦ᠂ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠳᠣᠪᠤᠶᠢᠯᠭᠠᠨ᠂ ︽ᠮᠤᠬᠤᠷ ᠵᠠᠮ ᠢ ᠨᠡᠪᠲᠡᠷᠡᠭᠦᠯᠵᠦ᠂ ᠪᠢᠴᠢᠯ ᠡᠷᠭᠢᠯᠲᠡ ᠶᠢ ᠨᠡᠪᠲᠡᠷᠡᠭᠦᠯᠬᠦ︾ ᠰᠡᠳᠬᠢᠮᠵᠢ ᠪᠠᠷ ︽ᠲᠦᠭᠵᠢᠷᠡᠯ ᠢ ᠵᠠᠰᠠᠬᠤ᠂ ᠰᠠᠭᠠᠳ ᠥᠬᠡᠶ ᠨᠡᠪᠲᠡᠷᠡᠭᠦᠯᠬᠦ᠂ ᠰᠢᠯᠢᠳᠡᠭᠵᠢᠭᠦᠯᠬᠦ︾ ᠪᠠᠷ ᠬᠠᠷᠠᠯᠲᠠ ᠪᠣᠯᠭᠠᠵᠤ᠂ ᠵᠡᠭᠦᠨ ᠪᠠᠷᠠᠭᠤᠨ ᠬᠤᠲᠠ ᠲᠣᠭᠤᠷᠢᠭ ᠤᠨ ᠵᠠᠮ ᠤᠨ ᠲᠣᠤᠷ ᠤᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号