ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠰᠢᠨ᠎ᠡ ᠵᠢᠯ ᠤᠨ ᠰᠢᠨ᠎ᠡ ᠶᠢᠨ ᠨᠢᠭᠡᠨ ᠤ ᠲᠣᠬᠤᠨᠢᠭᠤᠯᠤᠯᠲᠠ ᠳᠤ ᠠᠵᠠ ᠵᠢᠷᠭᠠᠯ ᠨᠡᠮᠡᠷᠢᠯᠡᠵᠦ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/1/8
     ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 1 ᠰᠠᠷ᠎ᠠ ᠶᠢᠨ 4 ᠤ ᠡᠳᠦᠷ᠂ ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠭᠤᠶᠢᠯᠠᠩ ᠡᠯ᠎ᠡ ᠰᠢᠶᠠᠩ ᠪᠠᠯᠭᠠᠰᠤᠨ ᠳᠤ ᠭᠦᠨᠵᠡᠭᠡᠶᠢᠷᠡᠨ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠬᠢᠨᠠᠨ ᠬᠡᠮᠵᠢᠬᠦ ᠰᠢᠰᠲ᠋ᠧᠮ ᠳᠤ ᠣᠷᠣᠭᠤᠯᠤᠭᠰᠠᠨ 59 ᠵᠡᠮᠳᠡᠭᠴᠦᠳ ᠤᠨ ᠬᠡᠷ ᠪᠦᠯᠢ ᠶᠢ ᠪᠣᠯᠭᠤᠭᠠᠨ ᠲᠣᠬᠤᠨᠢᠭᠤᠯᠪᠠ᠃
     ᠬᠦᠷᠦᠭᠰᠡᠨ ᠭᠠᠵᠠᠷ ᠪᠣᠯᠭᠠᠨ ᠳᠤ ᠠᠵᠢᠯᠯᠠᠬᠤ ᠳᠤᠭᠤᠶᠢᠯᠠᠩ ᠨᠢ ᠠᠮᠤ ᠪᠤᠳᠠᠭ᠎ᠠ᠂ ᠭᠤᠯᠢᠷ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠬᠡᠷᠡᠭᠰᠡᠯ ᠵᠢᠴᠢ ᠲᠤᠰᠠᠯᠠᠬᠤ ᠬᠡᠷᠡᠭᠰᠡᠯ᠂ ᠴᠢᠰᠤᠨ ᠳᠠᠷᠤᠯᠲᠠ ᠶᠢᠨ ᠬᠡᠮᠵᠢᠭᠦᠷᠯᠢᠭ᠂ ᠬᠠᠷᠠᠭ᠎ᠠ ᠮᠠᠭᠤ ᠬᠦᠮᠦᠰ ᠤᠨ ᠴᠠᠬᠢᠯᠭᠠᠨ ᠲᠣᠭᠤᠭ᠎ᠠ᠂ ᠬᠠᠷᠠᠭ᠎ᠠ ᠮᠠᠭᠤ ᠬᠦᠮᠦᠰ ᠤᠨ ᠴᠠᠬᠢᠯᠭᠠᠨ ᠰᠣᠷᠢᠨᠵᠢᠨ ᠵᠤᠤᠬ᠎ᠠ ᠵᠡᠷᠭᠡ ᠥᠪᠡᠷᠮᠢᠴᠡ ᠬᠡᠷᠡᠭᠴᠡᠭᠡᠨ ᠤ ᠬᠡᠷᠡᠭᠰᠡᠯ ᠢ ᠥᠪᠡᠷ ᠤᠨ ᠭᠠᠷ ᠢᠶᠠᠷ ᠢᠶᠠᠨ ᠲᠡᠳᠡᠨ ᠤ ᠭᠠᠷ ᠲᠤ ᠬᠦᠷᠭᠡᠪᠡ᠃ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠪᠠ ᠭᠡᠷ ᠪᠦᠯᠢ ᠶᠢᠨ ᠪᠠᠶᠢᠳᠠᠯ ᠢ ᠨᠢ ᠠᠰᠠᠭᠤᠵᠤ᠂ ᠲᠡᠳᠡᠨ ᠤ ᠬᠦᠴᠢᠷᠳᠡᠯ ᠪᠣᠯᠤᠨ ᠬᠡᠷᠡᠭᠴᠡᠭᠡ ᠱᠠᠭᠠᠷᠳᠠᠯᠭ᠎ᠠ ᠶᠢ ᠰᠣᠨᠣᠰᠴᠤ᠂ ᠲᠡᠳᠡᠨ ᠳᠤ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠪᠣᠯᠤᠨ ᠬᠤᠯᠪᠣᠭᠳᠠᠯ ᠪᠦᠬᠦᠢ ᠲᠣᠭᠲᠠᠭᠠᠯ ᠢ ᠨᠠᠷᠢᠨ ᠬᠢᠨᠠᠮᠠᠭᠠᠢ ᠲᠠᠶᠢᠯᠪᠤᠷᠢᠯᠠᠨ ᠥᠭᠴᠦ᠂ ᠲᠡᠳᠡᠨ ᠳᠤ ᠪᠡᠶ᠎ᠡ ᠪᠠᠨ ᠰᠠᠶᠢᠲᠤᠷ ᠬᠠᠮᠠᠭᠠᠯᠠᠵᠤ᠂ ᠬᠦᠢᠲᠡᠨ ᠢ ᠰᠡᠷᠭᠡᠶᠢᠯᠡᠨ ᠳᠤᠯᠠᠭᠠᠯᠠᠬᠤ ᠶᠢ ᠪᠠᠲᠤᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠂ ᠬᠡᠷᠪᠡ ᠬᠦᠴᠢᠷᠳᠡᠯ ᠲᠠᠢ ᠪᠣᠯ ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭ᠎ᠠ ᠲᠠᠢ ᠴᠠᠭ ᠲᠤᠬᠠᠢ ᠳᠤᠨᠢ ᠬᠠᠷᠢᠯᠴᠠᠪᠠᠯ᠂ ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠣᠯᠤᠨ ᠬᠦᠴᠢᠷᠳᠡᠯ ᠢ ᠨᠢ ᠪᠦᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ ᠥᠭᠬᠦ ᠪᠣᠯᠤᠨ᠎ᠠ ᠭᠡᠵᠦ ᠵᠠᠬᠢᠪᠠ᠃      ᠲᠣᠰ ᠤᠳᠠᠭᠠᠨ ᠤ ᠲᠣᠬᠤᠨᠢᠭᠤᠯᠤᠯ ᠨᠢ ᠪᠠᠰᠠ ᠵᠡᠮᠳᠡᠭᠴᠦᠳ ᠤᠨ ᠬᠡᠷ ᠪᠦᠯᠢ ᠳᠤ ︽ᠪᠤᠶᠠᠨ︾ ᠭᠡᠬᠦ ᠡᠯᠭᠦᠭᠡ ᠪᠢᠴᠢᠭ ᠬᠦᠷᠭᠡᠵᠦ᠂ ᠵᠡᠮᠳᠡᠭᠴᠦᠳ ᠤᠨ ᠬᠡᠷ ᠪᠦᠯᠢ ᠳᠤ ᠰᠢᠨ᠎ᠡ ᠵᠢᠯ ᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠡᠳᠡᠨ ᠳᠤ ᠨᠠᠮ ᠪᠠ ᠵᠠᠰᠠᠭ ᠤᠨ ᠣᠷᠳᠣᠨ ᠤ ᠵᠡᠮᠳᠡᠭᠴᠦᠳ ᠲᠤ ᠬᠠᠨᠳᠤᠭᠤᠯᠤᠭᠰᠠᠨ ᠬᠠᠯᠠᠮᠵᠢᠯᠠᠯ ᠪᠠ ᠵᠥᠩᠨᠡᠯ ᠢ ᠬᠦᠷᠭᠡᠭᠰᠡᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号