ᠰᠢᠲᠠᠷ᠎ᠠ ᠶᠢᠨ ᠬᠥᠯᠭᠡᠨ ᠳᠡᠭᠡᠷ᠎ᠡ ᠤᠬᠠᠭᠠᠨ ᠰᠣᠷᠢᠭᠰᠠᠨ ᠬᠠᠶᠢᠷᠬᠠᠨ
ᠨᠡᠶᠢᠲᠡᠯᠡᠭᠰᠡᠨ ᠴᠠᠭ᠄
2024/1/8
     ︽ᠤᠲᠤᠭ᠎ᠠ ᠦᠭᠡᠢ ᠳᠠᠶᠢᠨ᠂ ᠴᠢᠰᠤ ᠦᠭᠡᠢ ᠪᠠᠶᠢᠯᠳᠤᠭᠠᠨ︾ ᠭᠡᠳᠡᠭᠴᠢᠯᠡᠨ᠂ ᠰᠢᠲᠠᠷ᠎ᠠ ᠶᠢᠨ ᠤᠷᠤᠯᠳᠤᠭᠠᠨ ᠭᠡᠵᠦ ᠬᠠᠷᠠᠬᠤ ᠳᠤ ᠨᠠᠮᠵᠢᠭᠤᠨ ᠲᠠᠶᠢᠪᠤᠩ ᠪᠤᠯᠪᠠᠴᠤ ᠦᠨᠡᠨᠳᠡᠭᠡᠨ ᠲᠡᠷᠡ ᠨᠢ ᠰᠢᠲᠠᠷᠠᠴᠢᠳ ᠢᠯᠳᠦ ᠪᠠᠨ ᠰᠤᠭᠤᠯᠵᠤ ᠨᠤᠮᠤ ᠪᠠᠨ ᠳᠡᠯᠡᠭᠰᠡᠨ ᠬᠤᠷᠴᠠ ᠰᠢᠷᠦᠭᠦᠨ ᠥᠷᠢᠰᠦᠯᠳᠦᠭᠡᠨ ᠪᠤᠯᠬᠤ ᠶᠤᠮ᠃ ᠡᠶᠢᠮᠦᠷᠬᠦᠦ ᠬᠤᠷᠴᠠ ᠰᠢᠷᠦᠭᠦᠨ︽ᠪᠠᠶᠢᠯᠳᠤᠭᠠᠨ︾ ᠢ  ᠡᠵᠡᠮᠳᠡᠨ ᠵᠠᠬᠢᠷᠴᠤ᠂ ᠬᠡᠨ ᠠᠴᠠ ᠴᠦ ᠰᠦᠷᠳᠡᠬᠦ ᠦᠭᠡᠢ ᠪᠤᠲᠠ ᠪᠤᠭ ᠨᠤᠭᠤᠳ ᠢᠶᠠᠨ ᠲᠣᠭᠯᠠᠭᠤᠯᠵᠤ  ᠶᠠᠪᠤᠭ᠎ᠠ ᠠᠷᠪᠠᠨ ᠭᠤᠷᠪᠠᠨ ᠨᠠᠰᠤᠲᠠᠢ ᠬᠠᠶᠢᠷᠬᠠᠨ ᠥᠬᠢᠨ ᠨᠢᠭᠡᠳᠦᠭᠡᠷ ᠳᠡᠰ ᠤᠨ ᠰᠢᠲᠠᠷᠠᠴᠢᠨ ᠤ ᠬᠢᠷᠢ ᠭᠡᠮ ᠢ ᠣᠯᠣᠭᠰᠠᠨ ᠮᠥᠷᠲᠡᠭᠡᠨ ᠥᠪᠥᠷ ᠮᠣᠩᠭᠤᠯ ᠢ ᠲᠥᠯᠥᠭᠡᠯᠡᠨ ᠪᠦᠭᠦ ᠤᠯᠤᠰ ᠤᠨ ᠣᠶᠤᠨ ᠤ ᠲᠠᠮᠢᠷ ᠤᠨ ᠴᠤᠭᠯᠠᠭᠠᠨ ᠳᠤ  ᠴᠦ ᠣᠷᠣᠯᠴᠠᠵᠤ ᠶᠠᠪᠤᠯ᠎ᠠ᠃      ᠬᠠᠶᠢᠷᠬᠠᠨ ᠪᠣᠯ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠰᠤᠷᠤᠬᠴᠢ᠂ 6 ᠨᠠᠰᠤᠨ ᠠᠴᠠ ᠪᠠᠨ ᠰᠢᠲᠠᠷ᠎ᠠ ᠳᠤ ᠳᠤᠷ᠎ᠠ ᠰᠣᠨᠢᠷᠬᠠᠯ ᠲᠠᠢ ᠪᠣᠯᠵᠤ᠂ ᠰᠢᠲᠠᠷ᠎ᠠ ᠲᠠᠢ ᠲᠠᠨᠢᠯᠴᠠᠨ᠂ ᠰᠢᠲᠠᠷ᠎ᠠ ᠶᠢᠨ ᠪᠦᠲᠦᠴᠡ ᠪᠦᠷᠢᠯᠳᠦᠯ᠂ ᠰᠢᠲᠠᠷ᠎ᠠ ᠶᠢᠨ ᠶᠠᠪᠤᠴᠠ᠂ ᠨᠠᠭᠠᠳᠬᠤ ᠠᠷᠭ᠎ᠠ ᠳᠡᠮ᠂ ᠨᠠᠭᠠᠳᠤᠮ ᠤᠨ ᠳᠦᠷᠢᠮ ᠭᠤᠷᠢᠮ᠂ ᠡᠰᠡᠷᠭᠦ ᠡᠲᠡᠭᠡᠳ ᠢᠶᠠᠨ ᠶᠠᠭᠠᠬᠢᠵᠤ ᠢᠯᠠᠬᠤ ᠵᠡᠷᠭᠡ ᠲᠠᠯ᠎ᠠ ᠪᠠᠷ ᠰᠤᠷᠴᠤ ᠡᠬᠢᠯᠡᠭᠰᠡᠨ ᠪᠠᠶᠢᠨ᠎ᠠ᠃ ᠰᠢᠲᠠᠷ᠎ᠠ ᠶᠢᠨ ᠦᠨᠳᠦᠰᠦᠨ ᠮᠡᠷᠭᠡᠵᠢᠯ ᠢ ᠰᠢᠰᠲ᠋ᠧᠮ ᠲᠠᠢ ᠰᠤᠷᠤᠯᠴᠠᠬᠤ ᠶᠢᠨ ᠲᠥᠯᠥᠭᠡ᠂ ᠲᠡᠷᠡ ᠠᠮᠠᠷᠠᠯᠲᠠ‌‍ᠶᠢᠨ ᠵᠠᠪ ᠴᠢᠯᠦᠭᠡ ᠪᠠᠨ ᠠᠰᠢᠭᠯᠠᠨ᠂ ᠤᠷᠢᠳ ᠬᠤᠵᠢᠳ ᠮᠣᠩᠭᠤᠯ ᠤᠯᠤᠰ᠂ ᠭᠦᠭᠡᠬᠤᠳᠠ᠂ ᠪᠤᠭᠤᠲᠤ ᠵᠡᠷᠭᠡ ᠭᠠᠵᠠᠷ ᠲᠤ ᠬᠦᠷᠴᠦ ᠣᠯᠠᠨ ᠤᠯᠤᠰ ᠤᠨ ᠰᠢᠲᠠᠷ᠎ᠠ ᠶᠢ  ᠰᠤᠷᠤᠯᠴᠠᠵᠤ ᠶᠠᠪᠤᠵᠠᠢ᠃ 2019 ᠣᠨ ᠤ 11 ᠰᠠᠷ᠎ᠠ ᠶᠢᠨ 3 ᠤ ᠡᠳᠦᠷ᠂ ᠤᠷᠠᠳ ᠤᠨ ᠡᠮᠦᠨᠡᠲᠦ ᠬᠤᠰᠢᠭᠤᠨᠳᠤ ᠣᠯᠠᠨ ᠤᠯᠤᠰ ᠤᠨ ᠰᠢᠲᠠᠷ᠎ᠠ ᠶᠢᠨ ᠺᠯᠦ᠋ᠪ ᠪᠠᠶᠢᠭᠤᠯᠤᠭᠳᠠᠭᠰᠠᠨ  ᠨᠢ ᠬᠠᠶᠢᠷᠬᠠᠨ ᠳᠤ ᠮᠠᠰᠢ ᠰᠠᠶᠢᠨ ᠲᠦᠭᠦᠮ ᠨᠥᠬᠦᠴᠡᠯ ᠢ ᠪᠦᠷᠢᠯᠳᠦᠭᠦᠯᠦᠨ ᠥᠭᠴᠦ᠂ ᠡᠳᠡᠭᠡᠷ ᠰᠤᠷᠤᠯᠴᠠᠯᠭ᠎ᠠ ᠪᠠ ᠨᠥᠬᠦᠴᠡᠯ ᠨᠢ ᠬᠠᠶᠢᠷᠬᠠᠨ ᠤ ᠬᠤᠵᠢᠮ ᠤᠨ ᠤᠷᠤᠯᠳᠤᠭᠠᠨ ᠲᠡᠮᠡᠴᠡᠭᠡᠨ‌‍ᠳᠤ ᠤᠷᠤᠯᠴᠠᠵᠦ᠂ ᠠᠮᠵᠢᠯᠲᠠ ᠣᠯᠬᠤ ᠳᠤ ᠨᠢ ᠰᠠᠭᠤᠷᠢ  ᠲᠠᠯᠪᠢᠭᠰᠠᠨ ᠶᠤᠮ᠃      ᠬᠥᠮᠥᠨ ᠦᠷᠭᠦᠯᠵᠢ ᠤᠷᠮ᠎ᠠ ᠪᠠᠬ᠎ᠠ᠂ ᠳᠤᠷ᠎ᠠ ᠰᠣᠨᠢᠷᠬᠠᠯ ᠳᠤ ᠪᠠᠨ ᠤᠷᠮᠠᠰᠢᠨ ᠬᠥᠲᠥᠯᠥᠭᠳᠡᠵᠦ᠂ ᠣᠢ ᠤᠬᠠᠭᠠᠨ᠂ ᠤᠶᠢᠭ᠎ᠠ ᠦᠭᠡᠢ ᠴᠢᠷᠮᠠᠶᠢᠯᠭ᠎ᠠ ᠪᠠᠷ ᠠᠮᠵᠢᠯᠲᠠ ᠳᠤ ᠭᠦᠷᠳᠡᠭ᠃ ᠬᠠᠶᠢᠷᠬᠠᠨ ᠬᠡᠳᠦᠨ ᠵᠢᠯ ᠤᠨ ᠲᠤᠷᠰᠢ ᠰᠢᠲᠠᠷ᠎ᠠ ᠲᠣᠭᠯᠠᠭᠠᠮ ᠳᠤ ᠤᠶᠢᠭ᠎ᠠ ᠦᠭᠡᠢ ᠴᠢᠷᠮᠠᠶᠢᠯᠭ᠎ᠠ ᠭᠠᠷᠭᠠᠵᠤ᠂ ᠣᠶᠤᠨ ᠤᠬᠠᠭᠠᠨ᠂ ᠬᠦᠴᠦ ᠭᠦᠳᠡᠯᠮᠦᠷᠢ ᠪᠠᠨ ᠵᠣᠷᠢᠭᠤᠯᠵᠤ ᠶᠠᠪᠤᠭᠰᠠᠨ ᠢᠶᠠᠷ ᠢᠶᠠᠨ 2019 ᠣᠨ ᠳᠤ ᠰᠤᠷᠭᠠᠭᠤᠯᠢ ᠪᠠᠨ ᠲᠥᠯᠥᠭᠡᠯᠡᠨ᠂ᠪᠠᠶᠠᠨᠨᠠᠭᠤᠷ ᠬᠤᠲᠠ ᠶᠢᠨ ᠦᠨᠳᠦᠰᠦᠲᠡᠨ ᠤ ᠲᠠᠮᠢᠷ ᠤᠨ ᠴᠤᠭᠯᠠᠭᠠᠨ ᠤ ᠰᠢᠲᠠᠷ᠎ᠠ ᠶᠢᠨ ᠤᠷᠤᠯᠳᠤᠭᠠᠨ ᠳᠤ ᠣᠷᠣᠯᠴᠠᠭᠠᠳ ᠭᠤᠳᠠᠭᠠᠷᠯᠠᠵᠦ᠂ 2020 ᠣᠨ ᠳᠤ ᠪᠦᠭᠦ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠰᠢᠲᠠᠷ᠎ᠠ ᠶᠢᠨ ᠤᠷᠤᠯᠳᠤᠭᠠᠨ ᠳᠤ ᠣᠷᠣᠯᠴᠠᠪᠠ᠃ 2023 ᠣᠨ ᠳᠤ ᠰᠢᠭᠰᠢᠭᠡ ᠤᠷᠤᠯᠳᠤᠭᠠᠨ ᠤ ᠬᠤᠶᠠᠳᠤᠭᠠᠷ  ᠨᠡᠷᠡᠰ ᠢᠶᠠᠷ ᠪᠦᠭᠦ ᠤᠯᠤᠰ ᠤᠨ ᠲᠠᠪᠤᠳᠤᠭᠠᠷ ᠬᠤᠭᠤᠴᠠᠭᠠᠨ ᠤ ᠤᠶᠦᠨ ᠤ ᠲᠠᠮᠢᠷ ᠤᠨ ᠴᠤᠭᠯᠠᠭᠠᠨ ᠳᠤ ᠣᠷᠤᠯᠴᠠᠬᠤ ᠬᠢᠷᠢ ᠭᠡᠮ ᠢ ᠣᠯᠵᠤ᠂ 10 ᠰᠠᠷ᠎ᠠ ᠶᠢᠨ 25 ᠤ ᠡᠳᠦᠷ ᠠᠴᠠ 11 ᠰᠠᠷ᠎ᠠ ᠶᠢᠨ 4 ᠤ ᠡᠳᠦᠷ ᠪᠤᠯᠲᠠᠯ᠎ᠠ ᠠᠨᠾᠦ᠋ᠢ ᠮᠤᠵᠢ ᠶᠢᠨ ᠾᠧᠹᠧᠢ ᠬᠤᠳᠠ ᠳᠤ ᠶᠠᠪᠤᠭᠳᠠᠭᠰᠠᠨ ᠲᠤᠰ ᠤᠷᠤᠯᠳᠤᠭᠠᠨ  ᠳᠤ 25 ᠬᠢᠷᠢ ᠭᠡᠮ ᠬᠤᠷᠠᠮᠳᠤᠭᠤᠯᠤᠨ᠂ ᠣᠶᠤᠨ ᠤ ᠬᠤᠷᠴᠠ᠂ ᠤᠬᠠᠭᠠᠨ ᠤ ᠴᠠᠴᠠᠨ ᠢᠶᠠᠨ ᠤᠯᠠᠨ ᠳᠤ  ᠭᠠᠶᠢᠬᠠᠭᠤᠯᠤᠭᠰᠠᠨ ᠪᠠᠶᠢᠨ᠎ᠠ᠃      ︽ᠬᠡᠦᠬᠡᠨ ᠤ ᠮᠢᠨᠢ ᠴᠢᠷᠮᠠᠶᠢᠯᠭ᠎ᠠ ᠵᠢᠳᠬᠦᠯ ᠤᠨ ᠬᠠᠷᠢᠭᠤ ᠳᠤ ᠡᠶᠢᠮᠦ ᠰᠠᠶᠢᠬᠠᠨ ᠠᠮᠵᠢᠯᠲᠠ ᠣᠯᠵᠤ ᠪᠠᠶᠢᠭ᠎ᠠ  ᠳᠤ ᠨᠢ ᠪᠢ ᠮᠠᠰᠢ ᠪᠠᠶᠠᠷᠲᠠᠢ ᠪᠠᠶᠢᠨ᠎ᠠ᠃ ᠬᠠᠶᠢᠷᠬᠠᠨ ᠢ ᠵᠠᠪᠠᠯ ᠮᠡᠷᠭᠡᠵᠢᠯ ᠤᠨ ᠰᠢᠲᠠᠷᠠᠴᠢᠨ ᠪᠣᠯᠭᠠᠶ᠎ᠠ ᠭᠡᠵᠦ ᠵᠣᠷᠢᠭ᠎ᠠ ᠦᠭᠡᠢ᠂ ᠬᠡᠦᠬᠡᠨ ᠮᠢᠨᠢ ᠰᠢᠲᠠᠷ᠎ᠠ ᠳᠤ ᠳᠤᠷ᠎ᠠ ᠪᠠᠬ᠎ᠠ ᠲᠠᠢ ᠪᠣᠯᠬᠤᠷ ᠨᠥᠬᠦᠴᠡᠯ ᠪᠣᠯᠣᠮᠵᠢ ᠶᠢ ᠨᠢ ᠪᠦᠷᠢᠯᠳᠦᠭᠦᠯᠵᠦ ᠥᠭᠬᠦ ᠪᠠᠷ ᠯᠡ ᠴᠢᠷᠮᠠᠶᠢᠭᠰᠠᠭᠠᠷ ᠢᠷᠡᠵᠡᠢ᠃ ᠠᠵᠠ ᠲᠤᠭᠢᠶᠠᠯ ᠭᠡᠵᠦ ᠬᠡᠵᠢᠶᠡᠳᠡ ᠪᠡᠯᠡᠳᠬᠡᠯ ᠲᠠᠢ ᠬᠥᠮᠥᠨ ᠳᠤ ᠰᠠᠭᠠᠲᠠᠳᠠᠭ ᠶᠤᠮ᠃ ᠰᠢᠲᠠᠷ᠎ᠠ ᠶᠢᠨ ᠬᠥᠯᠭᠡᠨ ᠳᠡᠭᠡᠷ᠎ᠡ ᠤᠷᠮ᠎ᠠ ᠵᠣᠷᠢᠭ ᠠᠪᠴᠤ᠂ ᠤᠬᠠᠭᠠᠨ ᠰᠠᠮᠪᠠᠭ᠎ᠠ ᠰᠤᠷᠴᠤ ᠪᠠᠶᠢᠪᠠᠯ ᠪᠣᠯᠴᠢᠬᠠᠨ᠎ᠠ᠂ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠲᠤᠰᠠ ᠳᠡᠮᠵᠢᠯᠭᠡ ᠪᠣᠯᠣᠨ᠎ᠠ︾ ᠭᠡᠵᠦ  ᠬᠠᠶᠢᠷᠬᠠᠨ ᠤ ᠡᠵᠢ ᠨᠢ ᠳᠣᠬᠳᠣᠯᠤᠩᠬᠠᠨ ᠶᠠᠷᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号