ᠪᠦᠭᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2022 ᠣᠨ ᠤ ᠠᠳᠠᠯᠢ ᠬᠤᠭᠤᠴᠠᠭᠠᠨ ᠤ ᠬᠢ ᠠᠴᠠ 23.5% ᠪᠠᠷ ᠨᠡᠮᠡᠭᠳᠡᠵᠦ ᠭᠦᠭᠡᠬᠤᠲᠠ ᠠᠵᠤ ᠦᠢᠯᠡᠰ ᠤᠨ ᠲᠠᠰ ᠳᠡᠪᠰᠢᠯᠳᠡ ᠶᠢᠨ ︽ᠰᠢᠨ᠎ᠡ ᠣᠷᠣᠨ ᠵᠠᠢ︾ ᠪᠠᠨ ᠲᠣᠭᠲᠠᠭᠠᠯ᠎ᠠ
ᠨᠡᠶᠢᠲᠡᠯᠡᠭᠰᠡᠨ ᠴᠠᠭ᠄
2024/1/8
     ᠣᠶᠢᠷ᠎ᠠ ᠳᠤ᠂ ᠰᠤᠷᠪᠤᠯᠵᠢᠯᠠᠬᠴᠢ ᠬᠠᠬᠢᠷ ᠬᠦᠢᠲᠡᠨ ᠢ ᠰᠥᠷᠦᠨ ᠭᠦᠭᠡᠬᠤᠲᠠ ᠶᠢᠨ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠲᠦᠷᠦᠯ ᠵᠦᠢᠯ ᠤᠨ ᠲᠣᠭᠤᠷᠢᠭ ᠲᠤ ᠬᠦᠷᠬᠦ ᠳᠤ᠂ ᠲᠤᠬᠠᠢ ᠶᠢᠨ ᠲᠠᠯᠠᠪᠠᠢ ᠶᠢᠨ ᠠᠵᠢᠯᠲᠠᠳ ᠶᠠᠭ  ᠡᠮᠬᠢ ᠵᠢᠷᠤᠮ ᠲᠠᠢ ᠠᠵᠢᠯᠯᠠᠵᠤ᠂ ᠮᠠᠰᠢ ᠤᠯᠠᠨ ᠬᠥᠮᠥᠨ ᠤ ᠮᠠᠯᠠᠭᠠᠢ᠂ ᠠᠮᠠᠪᠴᠢ᠂ ᠰᠣᠷᠮᠤᠤᠰᠤᠨ ᠳᠤᠨᠢ ᠴᠠᠩ ᠰᠠᠭᠤᠴᠢᠬᠠᠭᠰᠠᠨ ᠨᠢ ᠬᠠᠷᠠᠭᠳᠠᠨ᠎ᠠ᠃      ᠡᠪᠦᠯ ᠤᠨ ᠤᠯᠠᠷᠢᠯ ᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠠᠳᠡ ᠬᠥᠪᠥᠩ ᠭᠦᠨᠵᠢᠯᠡ᠂ ᠴᠠᠭᠢᠯᠭᠠᠨ ᠲᠠᠩᠰᠠ᠂ ᠦᠯᠢᠶᠡᠭᠦᠷ ᠮᠠᠰᠢᠨ᠂ ᠳᠤᠯᠠᠭᠠᠨ ᠰᠠᠷᠠᠪᠴᠢ ᠶᠢ ᠬᠡᠷᠡᠭᠯᠡᠨ᠂ ᠪᠸᠲ᠋ᠤᠨ ᠳᠤ ᠨᠡᠮᠡᠯᠲᠡ ᠡᠳ᠋ ᠨᠡᠮᠡᠬᠦ᠂ ᠪᠸᠲ᠋ᠤᠨ ᠤ ᠢᠯᠡᠷᠬᠡᠶᠢᠯᠡᠯ ᠲᠡᠮᠳᠡᠭ ᠢ ᠳᠡᠭᠡᠭᠰᠢᠯᠡᠭᠦᠯᠭᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠠᠪᠴᠤ᠂ ᠪᠸᠲ᠋ᠤᠨ ᠤ ᠬᠡᠪ ᠲᠤ ᠣᠷᠣᠬᠤ ᠳᠤᠯᠠᠭᠠᠨ ᠤ ᠬᠡᠮᠵᠢᠶ᠎ᠡ ᠶᠢ ᠴᠢᠩᠭ᠎ᠠ ᠡᠵᠡᠮᠳᠡᠵᠦ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ ᠪᠠᠶᠢᠨ᠎ᠠ᠃      ᠲᠥᠷᠥᠯ ᠵᠦᠢᠯ ᠤᠨ ᠪᠠᠷᠢᠯᠭ᠎ᠠ ᠶᠢᠨ ᠲᠠᠯ᠎ᠠ ᠶᠢᠨ ᠬᠢᠨ ᠠᠶᠤᠯᠭᠦᠢ ᠪᠠᠷ ᠪᠠᠷᠢᠯᠭ᠎ᠠ ᠪᠠᠷᠢᠬᠤ ᠲᠥᠰᠥᠯ ᠢ ᠨᠠᠶᠢᠷᠠᠭᠤᠯᠤᠨ ᠵᠣᠬᠢᠶᠠᠭᠰᠠᠨ ᠤ ᠬᠠᠮᠲᠤ ᠬᠦᠢᠲᠡᠨ ᠨᠥᠬᠦᠴᠡᠯ ᠤᠨ ᠳᠣᠣᠷ᠎ᠠ ᠳᠡᠭᠦᠵᠢᠯᠡᠨ ᠤᠭᠰᠠᠷᠠᠬᠤ ᠠᠵᠢᠯ᠂ ᠲᠡᠷᠭᠡ ᠬᠥᠰᠬᠡ ᠶᠢᠨ ᠲᠡᠭᠡᠭᠡᠪᠦᠷᠢ᠂ ᠥᠨᠳᠥᠷ ᠳᠡᠭᠡᠷ᠎ᠡ ᠠᠵᠢᠯᠯᠠᠬᠤ ᠵᠢᠴᠢ ᠴᠠᠭᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠭᠠᠯ ᠤᠨᠲᠠᠷᠠᠭᠠᠬᠤ ᠵᠡᠷᠭᠡ ᠳᠤ ᠨᠠᠷᠢᠨ ᠵᠠᠳᠠᠯᠤᠯᠲᠠ ᠬᠢᠭᠰᠡᠨ ᠤ ᠲᠠᠷᠠᠭ᠎ᠠ᠂ ᠠᠶᠤᠯᠭᠦᠢ ᠶᠢᠨ ᠠᠷᠭ᠎ᠠ ᠬᠡᠮᠵᠢᠶ᠎ᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠬᠠᠨᠳᠤᠯᠭᠠᠲᠤ ᠴᠢᠨᠠᠷᠲᠠᠢ ᠪᠠᠷ ᠲᠣᠭᠲᠠᠭᠠᠵᠠᠢ᠃      2019 ᠣᠨ ᠳᠤ᠂ ᠰᠢᠦᠢ ᠶᠠᠩ ᠪᠦᠯᠦᠭᠯᠡᠯ ᠭᠦᠭᠡᠬᠤᠲᠠ ᠶᠢᠨ ᠴᠢᠩ ᠱᠦᠢ ᠾᠧ ᠰᠢᠶᠠᠨ ᠳᠤ ᠨᠤᠲᠤᠭᠰᠢᠵᠤ ᠂ ᠭᠦᠭᠡᠬᠤᠲᠠ ᠶᠢᠨ ᠰᠢᠦᠢ ᠶᠠᠩ ᠰᠢᠲᠠᠯᠲᠠ ᠶᠢᠨ ᠡᠨᠧᠷᠭᠢ ᠶᠢᠨ ᠬᠢᠵᠠᠭᠠᠷᠲᠤ ᠺᠤᠮᠫᠠᠨᠢ ᠶᠢ ᠪᠠᠶᠢᠭᠤᠯᠪᠠ᠃ 5 ᠵᠢᠯ ᠤᠨ ᠳᠣᠲᠣᠷ᠎ᠠ᠂ ᠲᠣᠰ ᠺᠤᠮᠫᠠᠨᠢ ᠭᠦᠭᠡᠬᠤᠲᠠ ᠳᠤ ᠨᠡᠶᠢᠲᠡ 98 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠣᠳᠠᠲᠠᠢ ᠲᠤᠰᠢᠶᠠᠭᠰᠠᠨ ᠭᠠᠶᠢᠯᠢ ᠨᠢ ᠪᠠᠷᠤᠭ 4 ᠳ᠋ᠦᠩᠰᠢᠭᠤᠷ ᠲᠥᠭᠦᠷᠢᠭ ᠲᠤ ᠬᠦᠷᠴᠡᠢ᠃ ᠣᠳᠣᠬᠠᠨ ᠳᠤ᠂ ᠰᠢᠦᠢ ᠶᠠᠩ ᠪᠦᠯᠦᠭᠯᠡᠯ ᠨᠢᠭᠡᠨᠲᠡ ᠲᠣᠰ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢᠶᠠᠷ ᠭᠤᠣᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠬᠡᠯᠬᠢᠶ᠎ᠡ ᠶᠢᠨ ᠠᠵᠤ ᠠᠬᠤᠶᠢᠯᠠᠯ ᠪᠣᠯᠤᠭᠰᠠᠨ ᠪᠠᠶᠢᠨ᠎ᠠ᠃ 2023 ᠣᠨ ᠤ 1 ᠊᠊᠊᠊ 11 ᠰᠠᠷ᠎ᠠ ᠳᠤ᠂ ᠡᠵᠡᠩᠨᠡᠯᠲᠡ ᠶᠢᠨ ᠣᠷᠣᠯᠭ᠎ᠠ ᠨᠢ 86.49 ᠳ᠋ᠦᠩᠰᠢᠭᠤᠷ ᠲᠥᠭᠦᠷᠢᠭ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠨᠢ 84.20 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠨᠢ 1.23 ᠳ᠋ᠦᠩᠰᠢᠭᠤᠷ ᠲᠥᠭᠦᠷᠢᠭ ᠲᠤ ᠬᠦᠷᠴᠡᠢ᠃      ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠲᠥᠪ  ᠡᠵᠡᠮᠳᠡᠯ ᠤᠨ ᠲᠠᠰᠤᠭ ᠲᠤ᠂ ᠮᠡᠷᠭᠡᠵᠢᠯ ᠤᠨ ᠠᠵᠢᠯᠲᠠᠳ ᠣᠶᠤᠨᠴᠢ ᠰᠢᠰᠲ᠋ᠧᠮ ᠢᠶᠠᠷ ᠳᠠᠮᠵᠢᠨ ᠡᠯ᠎ᠡ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ ᠪᠠᠶᠢᠬᠤ ᠶᠢ ᠰᠤᠷᠪᠤᠯᠵᠢᠯᠠᠬᠴᠢ ᠣᠯᠵᠤ ᠬᠠᠷᠠᠵᠠᠢ᠃  ᠡᠨᠡ ᠬᠦ ᠠᠵᠤ ᠠᠬᠤᠶᠢᠯᠠᠯ ᠨᠢ ᠮᠥᠨ ᠴᠦ ᠭᠦᠭᠡᠬᠤᠲᠠ ᠶᠢᠨ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠳᠠᠬᠢ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠭᠤᠣᠯ ᠬᠡᠯᠬᠢᠶ᠎ᠡ ᠶᠢᠨ ᠠᠵᠤ ᠠᠬᠤᠶᠢᠯᠠᠯ ᠪᠣᠯᠣᠨ᠎ᠠ᠃  2019 ᠣᠨ ᠳᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠠᠴᠠ ᠣᠳᠣᠬᠠᠨ ᠪᠤᠯᠲᠠᠯ᠎ᠠ᠂ ᠨᠡᠶᠢᠳᠡ 126 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠦᠷᠦᠯ ᠵᠦᠢᠯ ᠨᠢ 2022 ᠣᠨ ᠤ 10 ᠰᠠᠷ᠎ᠠ ᠳᠤ ᠠᠰᠢᠭᠯᠠᠯᠲᠠ ᠳᠤ ᠣᠷᠣᠵᠤ᠂ 2023 ᠣᠨ ᠤ 8 ᠰᠠᠷ᠎ᠠ ᠳᠤ ᠭᠦᠢᠴᠡᠳ ᠳᠠᠭᠠᠭᠠᠴᠠ ᠲᠠᠢ ᠲᠣᠭᠲᠠᠭᠤᠨ ᠦᠢᠯᠡᠳᠪᠦᠷᠢᠯᠡᠬᠦ  ᠪᠠᠶᠢᠳᠠᠯ ᠳᠤ ᠣᠷᠣᠪᠠ᠃      ︽2023 ᠣᠨ ᠳᠤ ᠪᠢᠳᠡ ᠨᠢᠭᠡᠨᠲᠡ 175.5 ᠲᠦᠮᠡᠨ ᠲᠣᠨ ᠨᠡᠭᠦᠷᠡᠰᠦ ᠶᠢ ᠣᠨᠳᠣᠣᠰᠢᠭᠤᠯᠵᠤ᠂ 2024 ᠣᠨ ᠤ ᠨᠢᠭᠡᠳᠦᠭᠡᠷ ᠤᠯᠠᠷᠢᠯ ᠳᠤ ᠵᠢᠱᠢᠯᠲᠡ ᠪᠠᠷ 40 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ ᠪᠦᠭᠦ ᠵᠢᠯ ᠳᠤ ᠪᠠᠷᠤᠭ 450 ᠲᠦᠮᠡᠨ ᠲᠣᠨ ᠨᠡᠭᠦᠷᠡᠰᠦ ᠶᠢ ᠣᠨᠳᠣᠣᠰᠢᠭᠤᠯᠤᠨ᠎ᠠ︾᠃ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠵᠢᠶᠦ᠋ᠨ ᠱᠧᠩ ᠢᠷᠡᠭᠡᠳᠦᠢ ᠶᠢᠨ ᠬᠥᠭᠵᠢᠯᠲᠡ ᠶᠢᠨ ᠲᠤᠬᠠᠢ ᠶᠠᠷᠢᠬᠤ ᠳᠠᠭᠠᠨ ᠢᠲᠡᠭᠡᠯ ᠲᠡᠭᠦᠯᠳᠡᠷ ᠪᠠᠶᠢᠵᠤ᠄ ︽ᠬᠤᠶᠢᠰᠢᠳᠠ ᠪᠢᠳᠡ ᠭᠤᠣᠯ ᠬᠡᠯᠬᠢᠶ᠎ᠡ ᠵᠢᠨ‌ᠠᠵᠤ ᠠᠬᠤᠶᠢᠯᠠᠯ ᠤᠨ ᠳᠠᠪᠠᠭᠤᠯᠢᠭ ᠲᠠᠭᠠᠨ ᠰᠠᠭᠤᠷᠢᠯᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠳᠡᠭᠡᠳᠦ ᠰᠢᠨᠵᠢᠯᠡᠬᠦ ᠤᠬᠠᠭᠠᠨ‌‍ᠲᠸᠭᠨᠢᠭ ᠮᠡᠷᠭᠡᠵᠢᠯ ᠤᠨ ᠠᠭᠤᠯᠬᠤᠨ ᠲᠠᠢ᠂ ᠨᠡᠮᠡᠯᠲᠡ ᠥᠷᠲᠡᠭ ᠥᠨᠳᠥᠷ ᠨᠢᠭᠡ ᠪᠦᠯᠦᠭ ᠰᠢᠨ᠎ᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠨᠢᠭᠡ ᠬᠡᠰᠡᠭ ᠨᠡᠭᠦᠷᠡᠰᠦ ᠶᠢ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠦᠷᠭᠡᠳᠬᠡᠯ ᠳᠣᠣᠷ᠎ᠠ ᠬᠠᠷ᠎ᠠ ᠥᠩᠭᠡ ᠠᠴᠠ ᠨᠢ   ᠪᠤᠳᠤᠭ ᠲᠠᠢ ᠪᠣᠯᠭᠠᠨ ᠣᠨᠳᠣᠣᠰᠢᠭᠤᠯᠤᠨ᠎ᠠ︾  ᠭᠡᠵᠦ ᠬᠡᠯᠡᠪᠡ᠃      ᠣᠳᠣᠬᠠᠨ ᠳᠤ᠂ ᠭᠦᠭᠡᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠨ ᠳᠤ ᠭᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠵᠦ᠂ ᠡᠯ᠎ᠡ ᠠᠵᠤ ᠠᠬᠤᠶᠢᠯᠠᠯ ᠤᠨ ᠬᠢᠨ ᠠᠵᠤ ᠦᠢᠯᠡᠰ ᠢᠶᠠᠨ ᠳᠡᠰ ᠳᠡᠪᠰᠢᠭᠦᠯᠬᠦ ︽ᠰᠢᠨ᠎ᠡ ᠣᠷᠣᠨ ᠵᠠᠢ︾ ᠶᠢ ᠲᠣᠭᠲᠠᠭᠠᠵᠤ᠂ ᠠᠯᠬᠤᠮ ᠠᠯᠬᠤᠮ ᠢᠶᠠᠷ ᠤᠷᠤᠭᠰᠢᠯᠠᠨ ᠲᠠᠪᠰᠢᠵᠤ᠂ ᠡᠷᠳᠡᠮ ᠴᠢᠳᠠᠪᠤᠷᠢ ᠪᠠᠨ ᠭᠠᠶᠢᠬᠠᠭᠤᠯᠵᠤ ᠪᠠᠶᠢᠨ᠎ᠠ᠃      ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠠᠨᠳᠤᠰᠢ ᠶᠢ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ  ︽ᠥᠪᠡᠷ ᠤᠨ ᠦᠷᠳᠡᠭ ᠢ ᠪᠠᠭᠤᠷᠠᠭᠤᠯᠬᠤ︾ ᠪᠠᠷ ᠰᠢᠪᠲᠤᠯᠤᠯᠲᠠ‌‍ᠶᠢᠨ ᠴᠡᠭ ᠪᠤᠯᠭᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠬᠤ ᠨᠢ ᠠᠵᠤ ᠠᠬᠤᠶᠢᠯᠠᠯ ᠤᠨ ᠲᠤᠰᠢᠶᠠᠨ ᠥᠭᠬᠦ ᠶᠢ ᠪᠠᠲᠤᠯᠠᠬᠤ᠂ ᠰᠤᠳᠤᠯᠤᠨ ᠨᠡᠭᠡᠭᠡᠬᠦ ᠶᠢ ᠴᠢᠩᠭᠠᠳᠬᠠᠬᠤ᠂ ᠥᠭᠡᠷᠡᠴᠢᠯᠡᠬᠦ ᠶᠢ ᠠᠳᠬᠤᠬᠤ ᠳᠤ ᠠᠰᠢᠭᠲᠠᠢ ᠪᠠᠷ ᠪᠠᠷᠠᠬᠤ ᠦᠭᠡᠢ  ᠨᠡᠩ ᠴᠤ ᠲᠡᠳᠡᠨ ᠤ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠵᠦ᠂ ᠬᠥᠭᠵᠢᠯᠲᠡ ᠶᠢᠨ ᠵᠢᠱᠢᠯᠲᠡ ᠶᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ ᠴᠢᠳᠠᠨ᠎ᠠ᠃      2023 ᠣᠨ ᠤ 11 ᠰᠠᠷ᠎ᠠ ᠶᠢᠨ ᠰᠡᠭᠦᠯᠴᠢ ᠪᠤᠯᠲᠠᠯ᠎ᠠ᠂ ᠭᠦᠭᠡᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠡᠯ᠎ᠡ ᠲᠥᠷᠥᠯ ᠤᠨ ᠪᠡᠯᠡ ᠮᠥᠩᠭᠦ ᠶᠢ 6.91 ᠳ᠋ᠦᠩᠰᠢᠭᠤᠷ ᠲᠥᠭᠦᠷᠢᠭ ᠣᠯᠵᠤ᠂ 96 ᠠᠵᠤ ᠦᠢᠯᠡᠰ ᠪᠠ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠳᠤ ᠪᠦᠭᠦ ᠬᠤᠲᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ 1.43 ᠳ᠋ᠦᠩᠰᠢᠭᠤᠷ ᠲᠥᠭᠦᠷᠢᠭ ᠣᠯᠭᠤᠪᠠ᠃      ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠳᠡᠮᠵᠢᠵᠦ ᠪᠠᠶᠢᠭ᠎ᠠ 18 ︽ᠬᠦᠴᠦᠷᠬᠡᠭ ᠣᠷᠣᠨ ᠤ ᠲᠥᠪ︾ ᠤᠨ ᠵᠦᠢᠯᠡᠰ ᠢ ᠨᠢᠭᠡᠨᠲᠡ ᠪᠦᠭᠦᠨ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠪᠠ︔ ︽ᠳᠠᠭᠠᠳᠬᠠᠯ ᠢ ᠳᠡᠮᠵᠢᠬᠦ  ᠵᠢᠭᠡᠯᠡᠯᠭᠡ︾ ᠶᠢᠨ ᠪᠡᠯᠡ ᠮᠥᠩᠭᠦ  ᠨᠢ 49 ᠠᠵᠤ ᠠᠬᠤᠶᠢᠯᠠᠯ ᠳᠤ 4.86 ᠳ᠋ᠦᠩᠰᠢᠭᠤᠷ ᠲᠥᠭᠦᠷᠢᠭ ᠤᠨ ᠪᠡᠯᠡ ᠲᠣᠭᠢᠷᠠᠭᠤᠯᠪᠠ︔ 27 ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠠᠭᠢᠯᠭᠠᠨ ᠬᠦᠴᠦᠨ ᠤ ᠠᠷᠠᠯᠵᠢᠶ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ‍ᠤᠨ‌‍ᠴᠠᠭᠢᠯᠭᠠᠨ ᠬᠡᠷᠡᠭᠯᠡᠬᠦ ᠥᠪᠡᠷ ᠤᠨ ᠥᠷᠲᠡᠭ ᠢ 5 ᠳ᠋ᠦᠩᠰᠢᠭᠤᠷ ᠲᠥᠭᠦᠷᠢᠭ ᠢᠯᠡᠭᠦᠦ ᠠᠷᠪᠢᠯᠠᠪᠠ᠃ ᠡᠨᠡ ᠬᠤᠭᠤᠴᠠᠭᠠᠨ ᠳᠤ᠂ ᠠᠵᠤ ᠠᠬᠤᠶᠢᠯᠠᠯ ᠢ ᠬᠥᠭᠵᠢᠭᠦᠯᠬᠦ ᠡᠷᠴᠢᠮ ᠢᠶᠠᠨ ᠲᠦᠷᠭᠡᠳᠬᠡᠨ ᠴᠢᠩᠭᠠᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 37 ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠲᠤᠭ᠎ᠠ ᠨᠢ 318 ᠳᠤ ᠬᠦᠷᠴᠡᠢ ᠁      ᠲᠦᠷᠦᠭᠦᠬᠡᠨ᠂ ᠰᠢᠨ᠎ᠡ ᠪᠠᠷ ᠨᠡᠶᠢᠲᠡᠯᠡᠭᠰᠡᠨ 2022 ᠣᠨ ᠤ ᠪᠦᠭᠦ ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠤᠨ ᠦᠨᠡᠯᠡᠯᠲᠡ ᠶᠢᠨ ᠮᠡᠳᠡᠭᠦᠯᠦᠯᠲᠡ ᠳᠤ᠂ ᠭᠦᠭᠡᠬᠤᠲᠠ ᠶᠢᠨ ᠪᠠᠶᠢᠷᠢ ᠶᠢᠨ ᠵᠢᠭᠰᠠᠭᠠᠯᠲᠠ 2 ᠣᠷᠣᠨ ᠳᠡᠭᠡᠭᠰᠢᠯᠡᠵᠦ᠂ 3 ᠵᠢᠯ ᠳᠠᠷᠠᠭᠠᠯᠠᠨ ᠳᠡᠭᠡᠭᠰᠢᠯᠡᠵᠡᠢ᠃ ᠣᠯᠠᠨ ᠵᠦᠢᠯ ᠤᠨ ᠠᠰᠢᠭᠲᠠᠢ ᠠᠷᠭ᠎ᠠ ᠬᠡᠮᠵᠢᠶ᠎ᠡ ᠨᠢ ᠪᠦᠭᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠪᠥᠭᠡᠳ ᠲᠦᠷᠭᠡᠨ ᠢᠶᠠᠷ ᠨᠡᠮᠡᠭᠳᠡᠬᠦ ᠶᠢ ᠠᠬᠢᠭᠤᠯᠪᠠ᠃ ᠭᠦᠭᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠄ 2023 ᠣᠨ ᠤ 1 ᠊᠊᠊ 11 ᠰᠠᠷ᠎ᠠ  ᠳᠤ᠂ ᠪᠦᠭᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2022 ᠣᠨ ᠤ ᠠᠳᠠᠯᠢ ᠬᠤᠭᠤᠴᠠᠭᠠᠨ ᠤ ᠬᠢ ᠠᠴᠠ 23.5% ᠪᠠᠷ  ᠨᠡᠮᠡᠭᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号