ᠴᠠᠭᠠᠰᠤᠨ ᠬᠠᠶᠢᠴᠢᠯᠠᠮᠠᠯ ᠢᠶᠠᠷ ᠣᠷᠣᠯᠭ᠎ᠠ ᠪᠠᠨ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/1/8
     ᠴᠣᠩᠬᠤᠨ ᠤ ᠬᠤᠸᠠᠷ᠂ ᠠᠷᠪᠠᠨ ᠬᠤᠶᠠᠷ ᠵᠢᠯ ᠤᠨ ᠠᠮᠢᠳᠠᠨ᠂ ᠴᠡᠴᠡᠭ ᠰᠢᠪᠠᠭᠤᠨ ᠤ ᠬᠠᠶᠢᠴᠢᠯᠠᠮᠠᠯ ᠁ ︽ᠤᠷᠠᠯᠢᠭᠴᠢᠳ︾ ᠤᠨ ᠬᠠᠶᠢᠴᠢ ᠤᠷᠠᠯᠠᠯ ᠤᠨ ᠳᠣᠣᠷ᠎ᠠ ᠲᠣᠷᠭᠠᠨ ᠴᠠᠭᠠᠰᠤ ᠨᠢ ᠲᠡᠷᠡᠬᠡᠨ ᠵᠠᠭᠤᠷ᠎ᠠ ᠰᠣᠳᠣᠨ ᠪᠦᠲᠦᠭᠡᠯ ᠪᠣᠯᠵᠤ ᠬᠤᠪᠢᠷᠠᠯ᠎ᠠ᠃
     ᠰᠢᠨ᠎ᠡ ᠣᠨ ᠤ ᠠᠯᠳᠠᠨ ᠪᠣᠱᠤᠭ᠎ᠠ ᠶᠢ ᠠᠯᠬᠤᠨ ᠣᠷᠣᠬᠤ ᠲᠠᠰᠢᠷᠠᠮ ᠳᠤ᠂ ᠵᠠᠯᠠᠨ ᠠᠶᠢᠯ ᠬᠤᠲᠠ ᠶᠢᠨ ᠸᠧ ᠨᠢᠦ ᠾᠧ ᠪᠠᠯᠭᠠᠰᠤ ᠶᠢᠨ ᠵᠠᠰᠠᠭ ᠤᠨ ᠣᠷᠳᠣᠨ ᠤ ᠴᠠᠭᠠᠰᠤᠨ ᠬᠠᠶᠢᠴᠢᠯᠠᠮᠠᠯ ᠤᠨ ᠲᠠᠰᠤᠭ ᠲᠤ ︽ᠤᠷᠠᠯᠢᠭᠴᠢᠳ︾ ᠨᠢᠭᠡ ᠳᠣᠣᠷ᠎ᠠ ᠴᠤᠭᠯᠠᠷᠠᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠵᠣᠬᠢᠶᠠᠨ ᠪᠦᠲᠦᠭᠡᠵᠦ᠂ ᠰᠢᠨ᠎ᠡ ᠵᠢᠯ ᠤᠨ ᠠᠯᠢᠪᠠ ᠰᠠᠶᠢᠨ ᠰᠠᠶᠢᠬᠠᠨ ᠤ ᠬᠦᠰᠡᠯ ᠡᠷᠡᠮᠡᠯᠵᠡᠯ ᠢᠶᠠᠨ ᠵᠢᠷᠤᠭᠯᠠᠵᠤ᠂ ᠨᠡᠩ ᠴᠦ ᠴᠠᠭᠠᠰᠤᠨ ᠬᠠᠶᠢᠴᠢᠯᠠᠮᠠᠯ ᠤᠨ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠢᠯᠪᠠᠭ᠎ᠠ ᠨᠡᠮᠡᠷᠢᠯᠡᠨ᠎ᠡ᠃      ︽ᠡᠳᠡᠭᠡᠷ ᠪᠣᠯ ᠴᠥᠮ ᠣᠯᠠᠨ ᠤ ᠪᠦᠲᠦᠭᠡᠯ ᠪᠣᠯᠣᠨ᠎ᠠ᠂ ᠡᠨᠡ ᠨᠢ ᠪᠠᠶᠠᠷ ᠪᠠᠶᠠᠰᠬᠤᠯᠠᠩᠲᠤ ᠰᠢᠨ᠎ᠡ ᠣᠨ ᠤ ᠠᠭᠤᠷ ᠠᠮᠢᠰᠬᠤᠯ ᠢ ᠪᠦᠷᠢᠯᠳᠦᠭᠦᠯᠬᠦ ᠶᠢᠨ ᠬᠠᠮᠲᠤ ᠨᠡᠩ ᠴᠢᠬᠤᠯᠠ ᠨᠢ ᠳᠡᠳᠡ ᠨᠠᠷ ᠤᠨ ᠤᠷᠤᠯᠭ᠎ᠠ ᠶᠢ ᠨᠡᠮᠡᠭᠳᠡᠭᠦᠯᠳᠡᠭ ᠶᠤᠮ︾ ᠭᠡᠵᠦ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ  ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠳ᠋ᠦ᠋ ᠶᠧ ᠮᠧᠢ ᠬᠡᠯᠡᠨ᠎ᠡ᠃
     ᠬᠥᠳᠡᠭᠡ ᠲᠣᠰᠬᠤᠨ ᠤ ᠰᠣᠶᠣᠯ ᠨᠢ ᠭᠠᠴᠠᠭ᠎ᠠ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ᠂ ᠳᠡᠳᠡ ᠨᠠᠷ ᠤᠨ ᠣᠷᠣᠯᠭ᠎ᠠ ᠪᠠᠨ ᠨᠡᠮᠡᠭᠳᠡᠭᠦᠯᠬᠦ ᠪᠠᠶᠠᠵᠢᠯ ᠤᠨ ᠰᠢᠨ᠎ᠡ ᠵᠠᠮ ᠪᠣᠯᠪᠠ᠃ ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ ᠬᠡᠮᠡᠭᠳᠡᠭᠰᠡᠨ ᠵᠠᠯᠠᠨ ᠠᠶᠢᠯ ᠬᠤᠲᠠ ᠶᠢᠨ ᠸᠧ ᠨᠢᠦ ᠾᠧ ᠪᠠᠯᠭᠠᠰᠤᠨ ᠳᠤ ᠴᠥᠭᠡᠨ ᠪᠤᠰᠤ ᠲᠠᠷᠢᠶᠠᠴᠢᠨ ᠬᠠᠶᠢᠴᠢ ᠪᠣᠯᠣᠨ ᠵᠢᠷᠤᠭ ᠤᠨ ᠪᠢᠷ ᠢᠶᠠᠷ ᠢᠶᠠᠨ ᠤᠷᠠᠯᠢᠭ  ᠤᠨ ᠪᠦᠲᠦᠭᠡᠯ ᠤᠳ ᠢ ᠵᠣᠬᠢᠶᠠᠨ ᠪᠦᠲᠦᠭᠡᠵᠦ᠂ ᠤᠷᠤᠯᠭ᠎ᠠ   ᠪᠠᠨ ᠨᠡᠮᠡᠭᠳᠡᠭᠦᠯᠬᠦ ᠰᠢᠨ᠎ᠡ ᠵᠠᠮ ᠢ ᠨᠡᠭᠡᠭᠡᠵᠡᠢ᠃ ᠳ᠋ᠦ᠋ ᠶᠧ ᠮᠧᠢ ᠣᠶᠢᠷ᠎ᠠ ᠬᠠᠪᠢ ᠶᠢᠨ ᠭᠠᠴᠠᠭ᠎ᠠ ᠲᠣᠰᠬᠤᠨ ᠤ ᠡᠮᠡᠭᠲᠡᠶᠢᠴᠦᠳ ᠢ ᠵᠣᠬᠢᠶᠠᠨ ᠪᠠᠶᠢᠭᠤᠯᠵᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠵᠣᠬᠢᠶᠠᠨ ᠪᠦᠲᠦᠭᠡᠯᠭᠡ ᠶᠢ ᠥᠷᠨᠢᠭᠦᠯᠬᠦ ᠶᠢᠨ ᠬᠠᠮᠲᠤ ᠢᠨᠲ᠋ᠧᠷ ᠰᠦᠯᠵᠢᠶ᠎ᠡ᠂ ᠦᠵᠡᠰᠭᠦᠯᠡᠩ ᠤᠨ ᠴᠤᠭᠯᠠᠭᠠᠨ᠂ ᠤᠷᠤᠯᠳᠤᠭᠠᠨ ᠵᠡᠷᠭᠡ ᠭᠡᠯᠪᠡᠷᠢ ᠪᠠᠷ ᠳᠡᠯᠭᠡᠷᠡᠭᠦᠯᠦᠨ ᠪᠣᠷᠣᠯᠠᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号