ᠭᠤᠤ ᠹᠧᠩ ᠵᠡᠷᠭᠡ ᠰᠢᠶᠠᠨ ᠤ ᠤᠳᠤᠷᠢᠳᠤᠯᠭ᠎ᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠢ ᠳᠣᠲᠣᠨᠣ ᠪᠠᠷ ᠪᠣᠯᠭᠤᠭᠠᠨ ᠦᠵᠡᠪᠡ
ᠨᠡᠶᠢᠲᠡᠯᠡᠭᠰᠡᠨ ᠴᠠᠭ᠄
2024/1/9
     1 ᠰᠠᠷ᠎ᠠ ᠶᠢᠨ 8 ᠤ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠵᠡᠷᠭᠡ ᠰᠢᠶᠠᠨ ᠤ ᠤᠳᠤᠷᠢᠳᠤᠯᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠭᠤᠭ᠎ᠠ ᠭᠠᠵᠠᠷ ᠲᠤ ᠬᠦᠷᠴᠦ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠢ ᠳᠣᠲᠣᠨᠣ ᠪᠠᠷ ᠪᠣᠯᠭᠤᠭᠠᠨ ᠦᠵᠡᠪᠡ᠃      ᠭᠡᠰᠢᠭᠦᠳ ᠤᠨ ᠰᠠᠭᠤᠭ᠎ᠠ ᠭᠠᠵᠠᠷ ᠲᠤ᠂ ᠭᠤᠤ ᠹᠧᠩ ᠨᠠᠷ ᠭᠡᠰᠢᠭᠦᠳ ᠲᠠᠢ ᠨᠢᠭᠡᠳ ᠨᠢᠭᠡ ᠪᠠᠷ ᠭᠠᠷ ᠠᠳᠬᠤᠵᠤ᠂ ᠳᠣᠲᠣᠨᠣ ᠪᠠᠷ ᠶᠠᠷᠢᠯᠴᠠᠵᠤ᠂ ᠳᠡᠳᠡᠨ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠳᠡᠳᠡᠨ ᠤ ᠪᠦᠬᠦ ᠰᠢᠶᠠᠨ ᠤ ᠡᠯ᠎ᠡ ᠵᠦᠢᠯ ᠤᠨ ᠠᠵᠢᠯ ᠢ ᠶᠡᠬᠡᠪᠡᠷ ᠳᠡᠮᠵᠢᠭᠰᠡᠨ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃ ᠭᠤᠤ ᠹᠧᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠪᠥᠬᠦ ᠰᠢᠶᠠᠨ ᠤ ᠳᠡᠭᠡᠳᠦ ᠳᠣᠤᠷᠠᠳᠤ ᠱᠠᠲᠤ ᠪᠠᠷ ᠢᠶᠠᠨ ᠨᠢᠭᠡ ᠰᠡᠳᠬᠢᠯ ᠨᠢᠭᠡ ᠴᠢᠭᠯᠡᠯ ᠢᠶᠠᠷ ᠴᠢᠷᠮᠠᠶᠢᠨ ᠲᠡᠮᠡᠴᠡᠭᠰᠡᠨ ᠢᠶᠠᠷ᠂ ᠮᠠᠨ ᠤ ᠰᠢᠶᠠᠨ ᠤ ᠡᠯ᠎ᠡ ᠵᠦᠢᠯ ᠤᠨ ᠠᠵᠢᠯ ᠮᠠᠰᠢ ᠰᠠᠶᠢᠨ ᠠᠮᠵᠢᠯᠲᠠ ᠪᠦᠲᠦᠮᠵᠢ ᠣᠯᠵᠤ᠂ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠵᠤ᠂ ᠨᠡᠶᠢᠭᠡᠮ ᠠᠮᠤᠷ ᠲᠣᠭᠲᠠᠭᠤᠨ ᠪᠥᠭᠡᠳ ᠡᠶ᠎ᠡ ᠵᠣᠬᠢᠴᠠᠯ ᠲᠠᠢ ᠪᠣᠯᠵᠣ᠂ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠲᠠᠰᠤᠷᠠᠯᠲᠠ ᠥᠬᠡᠶ ᠳᠡᠭᠡᠭᠰᠢᠯᠡᠪᠡ᠂ ᠡᠲᠡᠭᠡᠷ ᠠᠮᠵᠢᠯᠲᠠ ᠪᠦᠲᠦᠮᠵᠢ ᠶᠢ ᠤᠯᠬᠤ ᠳᠤ ᠪᠥᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠡᠳᠬᠢᠯ ᠲᠠᠯᠪᠢᠨ ᠵᠣᠷᠢᠭᠤᠯᠤᠭᠰᠠᠨ ᠠᠴᠠ ᠰᠠᠯᠵᠤ ᠴᠢᠳᠠᠬᠤ ᠥᠬᠡᠶ ᠶᠤᠮ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠤᠭᠰᠠᠨ ᠶᠠᠪᠤᠳᠠᠯ ᠪᠣᠯ ᠪᠦᠬᠦ ᠰᠢᠶᠠᠨ ᠤ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠃ ᠭᠡᠰᠢᠭᠦᠳ ᠪᠦᠬᠦ ᠰᠢᠶᠠᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠡᠭᠦᠷᠭᠡᠯᠡᠵᠦ ᠪᠠᠶᠢᠨ᠎ᠠ᠂ ᠤᠯᠠᠨ ᠢᠶᠠᠷ ᠢᠶᠠᠨ ᠪᠠᠲᠤ ᠴᠢᠩᠭ᠎ᠠ ᠤᠯᠤᠰ ᠲᠦᠷᠦ ᠶᠢᠨ ᠵᠣᠭᠰᠣᠯᠲᠠ᠂ ᠢᠯᠡ ᠲᠣᠳᠣ ᠤᠯᠤᠰ ᠲᠦᠷᠦ ᠶᠢᠨ ᠣᠪᠣᠷ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠡᠭᠡ ᠬᠤᠷᠠᠯ ᠤᠨ ᠡᠯ᠎ᠡ ᠵᠦᠢᠯ ᠤᠨ ᠢᠯᠡᠳᠬᠡᠯ ᠢ ᠨᠠᠷᠢᠨ ᠬᠢᠨᠠᠮᠠᠭᠠᠶ ᠶᠠᠷᠢᠯᠴᠠᠨ ᠬᠢᠨᠠᠨ ᠶᠠᠷᠢᠯᠴᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠪᠣᠳᠠᠲᠠᠶ ᠪᠠᠷ ᠲᠤᠰᠬᠠᠬᠤ ᠶᠢ ᠬᠦᠰᠡᠵᠦ ᠪᠠᠶᠢᠨ᠎ᠠ᠃      ᠳᠣᠲᠣᠨᠣ ᠮᠡᠨᠳᠦᠴᠢᠯᠡᠯ᠂ ᠳᠣᠲᠣᠨᠣ ᠨᠠᠶᠢᠳᠠᠯᠭ᠎ᠠ ᠨᠢ ᠭᠡᠰᠢᠭᠦᠳ ᠢ ᠶᠡᠬᠡᠳᠡ ᠵᠣᠷᠢᠭᠵᠢᠭᠤᠯᠪᠠ᠃ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠦᠨᠡᠨ ᠦᠭᠡ ᠬᠡᠯᠡᠵᠦ᠂ ᠰᠠᠶᠢᠨ ᠠᠷᠭ᠎ᠠ ᠪᠤᠳᠤᠯᠭ᠎ᠠ ᠳᠡᠪᠰᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠬᠤᠷᠢᠨᠭᠡᠷ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号