ᠬᠤᠷᠢᠨᠭᠡᠷ ᠰᠢᠶᠠᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠲᠦᠷᠭᠡᠨ ᠬᠥᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2024/10/24
     10 ᠳ᠋ᠤᠭᠠᠷ ᠰᠠᠷ᠎ᠠ ᠶᠢᠨ 17 ᠤ ᠡᠳᠦᠷ᠂ ᠬᠤᠷᠢᠨᠭᠡᠷ ᠰᠢᠶᠠᠨ ᠤ ᠥᠪᠥᠷ ᠮᠣᠩᠭᠤᠯ ᠤᠨ ᠲᠢᠶᠠᠨ ᠬᠤᠤ ᠪᠦᠸᠧ  ᠰᠢᠶᠠᠨ ᠰᠢᠯ ᠰᠢᠷᠬᠡᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠲᠤᠷᠠᠭᠰᠠᠨ ᠦᠢᠯᠡᠳᠪᠦᠷᠢᠯᠡᠯ ᠤᠨ ᠲᠠᠰᠤᠭ ᠲᠤ᠂ ᠠᠦ᠋ᠲ᠋ᠣ᠋ ᠠᠴᠠ ᠭᠠᠷ  ᠨᠠᠭᠠᠰᠢ ᠴᠠᠭᠠᠰᠢ ᠰᠦᠯᠵᠢᠯᠳᠦᠨ᠎ᠠ  ᠃ ᠣᠶᠤᠨᠲᠤ ᠦᠢᠯᠡᠳᠪᠦᠷᠢᠯᠡᠯ ᠤᠨ ᠱᠤᠭᠤᠮ ᠳᠡᠭᠡᠷ᠎ᠡ ᠺᠣᠳ᠋ ᠣᠪᠣᠭ᠎ᠠ  ᠮᠠᠰᠢᠨ ᠭᠠᠷ ᠵᠡᠷᠭᠡ ᠲᠥᠬᠦᠭᠡᠷᠦᠮᠵᠢ ᠶᠢ ᠨᠠᠷᠢᠯᠢᠭ ᠣᠨᠣᠪᠴᠢᠲᠠᠢ ᠬᠡᠷᠡᠭᠯᠡᠵᠦ ᠪᠠᠢᠨ᠎ᠠ᠃
     ᠬᠥᠳᠡᠷ ᠠᠴᠠ ᠰᠢᠷᠬᠡᠭ ᠬᠦᠷᠲᠡᠯ᠎ᠡ᠂ ᠰᠢᠯ ᠰᠢᠷᠬᠡᠭ  ᠪᠦᠷᠢᠯᠳᠦᠬᠦ ᠶᠠᠪᠤᠴᠠ ᠳᠥᠭᠦᠮ ᠪᠢᠰᠢ᠃ ᠲᠡᠨᠢᠭᠢᠷ ᠴᠢᠯᠠᠭᠤ ᠵᠡᠷᠭᠡ ᠲᠦᠭᠦᠬᠡᠢ ᠮᠠᠲ᠋ᠧᠷᠢᠶᠠᠯ ᠢ  ᠵᠤᠤᠬ᠎ᠠ ᠳᠤ ᠣᠷᠣᠭᠤᠯᠤᠭᠰᠠᠨ ᠤ ᠳᠠᠷᠠᠭ᠎ᠠ᠂ ᠬᠡᠳᠦᠨ ᠴᠠᠭ 1600 ᠭᠷᠠᠳᠦ᠋ᠰ ᠤᠨ ᠰᠢᠲᠠᠯᠲᠠ ᠶᠢ ᠥᠩᠭᠡᠷᠡᠭᠡᠪᠡᠯ ᠰᠠᠶ᠋ᠢ ᠰᠢᠯ ᠬᠠᠶᠢᠯᠤᠭᠰᠠᠨ ᠰᠢᠩᠭᠡᠨ ᠢ ᠪᠤᠢ ᠪᠣᠯᠭᠠᠵᠤ ᠴᠢᠳᠠᠨ᠎ᠠ᠃ ᠰᠢᠯ ᠤᠨ ᠬᠠᠶᠢᠯᠤᠮᠠᠯ ᠨᠢ ᠰᠢᠷᠬᠡᠭ ᠢ ᠭᠤᠭᠤᠵᠢᠭᠤᠯᠬᠤ᠂ ᠬᠡᠪᠰᠢᠭᠦᠯᠬᠦ᠂ ᠬᠠᠲᠠᠭᠠᠬᠤ ᠵᠡᠷᠭᠡ ᠵᠠᠩᠭᠢᠯᠠᠭ᠎ᠠ ᠪᠠᠷ ᠳᠠᠮᠵᠢᠪᠠᠯ ᠰᠠᠶᠢᠨ᠃ ᠣᠳᠣᠬᠠᠨ ᠳᠤ ᠦᠢᠯᠡᠳᠪᠦᠷᠢᠯᠡᠭᠰᠡᠨ ᠰᠢᠯ ᠰᠢᠷᠬᠡᠭ 11 ᠵᠦᠢᠯ  ᠤᠨ ᠠᠳᠠᠯᠢ ᠪᠤᠰᠤ  ᠪᠠᠷᠢᠮᠵᠢᠶ᠎ᠠ ᠲᠠᠢ᠃      ᠥᠪᠥᠷ ᠮᠣᠩᠭᠤᠯ ᠤᠨ ᠲᠢᠶᠠᠨ ᠬᠤᠤ ᠪᠦᠸᠧ  ᠰᠢᠶᠠᠨ ᠰᠢᠯ ᠰᠢᠷᠬᠡᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 60 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠪᠥᠲᠥᠭᠡᠨ ᠪᠠᠶᠢᠭᠤᠯᠤᠭᠰᠠᠨ ᠵᠢᠯ ᠳᠤ 60 ᠲᠦᠮᠡᠨ ᠲᠣᠨ ᠥᠨᠳᠥᠷ ᠴᠢᠳᠠᠪᠬᠢᠲᠤ ᠰᠢᠯ ᠰᠢᠷᠬᠡᠭ ᠤᠨ ᠲᠥᠷᠥᠯ ᠵᠦᠢᠯ ᠢ 3 ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠤᠨ᠎ᠠ᠃ 5 ᠵᠤᠷᠪᠤᠰ ᠵᠢᠯ ᠳᠤ 12 ᠲᠦᠮᠡᠨ ᠲᠣᠨ ᠥᠨᠳᠥᠷ ᠴᠢᠳᠠᠪᠬᠢᠲᠤ ᠰᠢᠯ ᠰᠢᠷᠬᠡᠭ ᠤᠨ ᠦᠢᠯᠡᠳᠪᠦᠷᠢᠯᠡᠯ ᠤᠨ ᠱᠤᠭᠤᠮ  ᠪᠠᠢᠭᠤᠯᠤᠭᠳᠠᠭᠰᠠᠨ ᠤ ᠳᠠᠷᠠᠭ᠎ᠠ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠤ ᠬᠠᠮᠤᠭ ᠤᠨ ᠶᠡᠭᠡ ᠰᠢᠯ ᠰᠢᠷᠬᠡᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠵᠤ᠂ ᠵᠢᠯ ᠤᠨ ᠦᠢᠯᠡᠳᠬᠦᠨ ᠤ ᠥᠷᠲᠡᠭ ᠨᠢ 50 ᠳ᠋ᠦᠩᠰᠢᠭᠤᠷ ᠲᠥᠭᠦᠷᠢᠭ ᠲᠤ ᠬᠦᠷᠴᠦ᠂ ᠠᠰᠢᠭ ᠭᠠᠶᠢᠯᠢ ᠨᠢ 15 ᠳ᠋ᠦᠩᠰᠢᠭᠤᠷ ᠲᠥᠭᠦᠷᠢᠭ ᠲᠤ ᠬᠦᠷᠴᠦ᠂ 1400 ᠬᠥᠮᠦᠨ ᠳᠤ ᠠᠵᠢᠯ ᠣᠯᠭᠤᠬᠤ ᠪᠣᠯᠤᠨ᠎ᠠ᠃ ᠣᠳᠣᠬᠠᠨ ᠳᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠡᠨᠡ ᠵᠢᠯ ᠤᠨ 4 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ 2400 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠵᠢᠱᠢᠯᠲᠡ ᠪᠠᠷ ᠲᠣᠰ ᠵᠢᠯ ᠤᠨ ᠦᠢᠯᠡᠳᠬᠦᠨ ᠤ ᠥᠷᠲᠡᠭ 1.2 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃      ᠬᠤᠷᠢᠨᠭᠡᠷ ᠰᠢᠶᠠᠨ ᠥᠪᠥᠷ ᠮᠣᠩᠭᠤᠯ ᠤᠨ ᠲᠢᠶᠠᠨ ᠬᠤᠤ ᠪᠦᠸᠧ ᠰᠢᠶᠠᠨ ᠰᠢᠯ ᠰᠢᠷᠬᠡᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠷ ᠲᠦᠷᠦᠭᠦᠯᠡᠭᠴᠢ ᠪᠣᠯᠭᠠᠵᠤ᠂ ᠬᠡᠷᠡᠭᠵᠢᠭᠦᠯᠦᠭᠰᠡᠨ 9 ᠭᠤᠣᠯᠳᠠᠯᠭ᠎ᠠ ᠲᠠᠢ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 76 ᠳ᠋ᠦᠩᠰᠢᠭᠤᠷ ᠲᠥᠭᠦᠷᠢᠭ ᠲᠤ ᠬᠦᠷᠴᠡᠢ᠃ ᠣᠳᠣᠬᠠᠨ ᠳᠤ᠂ ᠥᠪᠥᠷ ᠮᠣᠩᠭᠤᠯ ᠤᠨ ᠲᠢᠶᠠᠨ ᠬᠤᠤ ᠪᠦᠸᠧ ᠰᠢᠶᠠᠨ ᠰᠢᠯ ᠰᠢᠷᠬᠡᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢᠭᠡᠨᠲᠡ ᠴᠢ ᠷᠦᠢ ᠮᠠᠰᠢᠨ ᠲᠡᠷᠭᠡ᠂ ᠪᠸᠢ ᠪᠧᠨ ᠬᠦᠨᠳᠦ ᠠᠴᠢᠶᠠᠨ ᠤ ᠮᠠᠰᠢᠨ ᠲᠡᠷᠭᠡ ᠵᠡᠷᠭᠡ 9 ᠠᠵᠤ ᠠᠬᠤᠶᠢᠯᠠᠯ ᠲᠠᠢ ᠣᠷᠣᠵᠤ ᠰᠠᠭᠤᠬᠤ ᠬᠡᠯᠡᠯᠴᠡᠭᠡᠷ ᠲᠣᠭᠲᠠᠵᠤ᠂ 200 ᠳ᠋ᠦᠩᠰᠢᠭᠤᠷ ᠲᠠᠰ ᠤᠨ ᠰᠢᠯ ᠰᠢᠷᠬᠡᠭ ᠵᠢᠴᠢ ᠨᠡᠶᠢᠯᠡᠮᠡᠯ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠶ᠃    
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号