ᠬᠤᠷᠢᠨᠭᠡᠷ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/12/30
     12 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠪᠦᠬᠦ ᠰᠢᠶᠠᠨ ᠤ ᠠᠷᠠᠳ ᠲᠦᠮᠡᠨ ᠤ ᠠᠩᠬᠠᠷᠤᠯ ᠢ ᠲᠠᠲᠠᠭᠰᠠᠨ ᠬᠤᠷᠢᠨᠭᠡᠷ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠵᠢᠤᠢ ᠬᠤᠸᠠ ᠵᠣᠴᠢᠳ ᠤᠨ ᠪᠠᠭᠤᠳᠠᠯ ᠳᠤ ᠡᠬᠢᠯᠡᠪᠡ᠃ ᠪᠦᠬᠦ ᠰᠢᠶᠠᠨ ᠤ ᠡᠯ᠎ᠡ ᠠᠵᠢᠯ ᠲᠦᠷᠦᠯ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠤᠷᠢᠨᠭᠡᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃      ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 178 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 166 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠯᠢ ᠯᠢᠦ ᠰᠢᠶᠤᠤ᠂ ᠵᠠᠩ ᡁᠢ ᠺᠦᠢ᠂ ᠵᠠᠩ ᠴᠢᠤᠸᠠᠨ ᠱᠧᠩ᠂ ᠸᠠᠩ ᠯᠠᠢ ᠵᠦ᠂ ᠠᠭᠤᠯᠠ᠂ ᠯᠢᠦ ᠨᠢᠩ᠂ ᠳ᠋ᠦ᠋ ᠰᠢᠶᠤᠤ ᠭᠤᠸᠠᠩ᠂ ᠵᠤᠤ ᠵᠢᠶᠠᠩ ᠬᠤᠩ᠂ ᠭᠦᠸᠧ ᠸᠧᠨ ᠵᠢᠶᠦ᠋ᠨ᠂ ᠴᠧᠨ ᠶᠠ ᠷᠦᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠵᠠᠩ ᠴᠢᠤᠸᠠᠨ ᠱᠧᠩ ᠡᠷᠬᠢᠯᠡᠪᠡ᠃      ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠭᠤᠤ ᠶᠦᠩ ᠸᠠᠩ᠂ ᠸᠠᠩ ᠶᠣᠣ᠂ ᠮᠠ ᠶᠦᠩ ᠬᠤᠸᠠ᠂ ᠺᠠᠩ ᠱᠤᠤ ᠫᠧᠩ᠂ ᠵᠢᠶᠠ ᠸᠧᠢ᠂ ᠵᠤᠤ ᠮᠢᠩ ᠱᠧᠩ᠂ ᠴᠢᠶᠣᠤ ᠪᠥᠸᠧ᠂ ᠯᠢᠦᠢ ᠶᠣᠣ ᠯᠦᠩ᠂ ᠯᠢ ᠯᠢ᠂ ᠵᠤᠤ ᠵᠢᠶᠠᠨ ᠴᠢᠩ᠂ ᠬᠤ᠋ ᠵᠢᠩ᠂ ᠰᠢᠤᠢ ᠫᠧᠩ᠂ ᠪᠠᠢ ᠬᠤᠤ᠂ ᠶᠦᠨ ᠵᠢᠢ ᠶᠢᠩ᠂ ᡂᠢ ᠴᠧᠩ ᠬᠤ᠋᠂ ᠮᠠ ᠵᠢᠶᠦ᠋ᠨ ᠸᠧᠢ᠂ ᠸᠠᠩ ᠲᠠᠢ ᠫᠢᠩ ᠵᠡᠷᠭᠡ ᠰᠢᠶᠠᠨ ᠤ ᠤᠳᠤᠷᠢᠳᠤᠯᠭ᠎ᠠ ᠪᠣᠯᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠪᠤᠢ᠃      ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃      ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢᠶᠠᠨ ᠤ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠵᠠᠩ ᡁᠢ ᠺᠦᠢ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ  2024 ᠣᠨ ᠤ ᠠᠵᠢᠯ ᠤᠨ ᠡᠷᠭᠢᠴᠡᠭᠦᠯᠦᠯ᠂ 2025 ᠣᠨ ᠤ ᠠᠵᠢᠯ ᠤᠨ ᠲᠣᠬᠢᠷᠠᠭᠤᠯᠤᠯᠲᠠ ᠵᠢᠴᠢ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠭᠤᠷᠪᠠᠨ ᠬᠡᠰᠡᠭ ᠬᠤᠪᠢᠶᠠᠪᠠ᠃      ᠵᠠᠩ ᡁᠢ ᠺᠦᠶ ᠠᠴᠠ᠂ 2024 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠦᠬᠦ ᠰᠢᠶᠠᠨ ᠢᠶᠠᠷ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠣᠷᠣᠨ ᠤ ᠲᠥᠪ ᠬᠤᠳᠠ ᠶᠢᠨ ᠳᠡᠳ᠋ ᠲᠥᠪ ᠤᠨ ᠪᠦᠳᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠲᠦᠷᠭᠡᠨ ᠠᠭᠤᠰᠤᠯᠴᠠᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠬᠤ ᠶᠢ ᠠᠬᠢᠭᠤᠯᠵᠤ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠦᠷᠭᠦᠯᠵᠢᠯᠡᠨ ᠰᠠᠶᠢᠵᠢᠷᠠᠪᠠ ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 9% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 50% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6% ᠪᠠᠷ ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ 10% ᠪᠠᠷ ᠨᠡᠮᠡᠭᠳᠡᠵᠦ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.5% ᠪᠠᠷ ᠨᠡᠮᠡᠭᠳᠡᠪᠡ᠃      ᠵᠠᠩ ᡁᠢ ᠺᠦᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠭ᠎ᠠ ᠪᠠᠲᠤ ᠪᠠᠬᠢ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠲᠣᠭᠲᠠᠭᠤᠨ ᠢᠶᠠᠷ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠦᠬᠦ ᠲᠠᠯ᠎ᠠ ᠪᠠᠷ ᠨᠡᠮᠡᠭᠳᠡᠭᠦᠯᠬᠦ ᠵᠡᠷᠭᠡ ᠲᠤᠯᠤᠭᠠᠨ ᠲᠠᠯ᠎ᠠ ᠠᠴᠠ 2024 ᠣᠨ ᠤ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠵᠡᠢ᠃      ᠡᠨᠡ ᠨᠢᠭᠡ ᠵᠢᠯ ᠤᠨ ᠠᠮᠵᠢᠯᠲᠠ ᠶᠢ ᠡᠷᠭᠢᠴᠡᠭᠦᠯᠪᠡᠯ᠂ ᠵᠠᠩ ᡁᠢ ᠺᠦᠶ ᠠᠴᠠ᠂ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ ᠤ ᠦᠷ᠎ᠡ ᠳ᠋ᠦᠩ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠰᠢᠶᠠᠨ  ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠷᠢᠨᠭᠡᠷ ᠬᠥᠭᠵᠢᠯᠲᠡ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠵᠤ ᠳᠡᠮᠵᠢᠵᠦ ᠣᠷᠣᠯᠴᠠᠭᠰᠠᠨ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠵᠠᠩ ᡁᠢ ᠺᠦᠶ ᠮᠡᠳᠡᠭᠦᠯᠦᠯᠲᠡ ᠳᠡᠭᠡᠨ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠡᠭᠦᠰᠬᠡᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠬᠦ ᠵᠢᠯ ᠪᠣᠯᠤᠨ᠎ᠠ᠂ ᠮᠥᠨᠴᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠭᠦ ᠬᠦᠴᠦᠨ ᠪᠣᠯᠭᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠣᠷᠣᠨ ᠤ ᠲᠥᠪ ᠬᠤᠲᠠ ᠶᠢᠨ ᠳᠡᠳ᠋ ᠲᠥᠪ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠡᠢ ᠃ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.5% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7.5% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 13% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 12% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠵᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠪᠦᠬᠦ ᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠡᠷᠭᠡᠪᠡᠷ ᠪᠠᠲᠤᠯᠠᠨ᠎ᠠ᠃      2025 ᠣᠨ ᠳᠤ᠂ ᠬᠤᠷᠢᠨᠭᠡᠷ ᠰᠢᠶᠠᠨ ᠤ ᠬᠢᠨ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠪᠦᠬᠦ ᠲᠠᠯ᠎ᠠ ᠶᠢ ᠡᠵᠡᠮᠳᠡᠵᠦ᠂ ︽ᠰᠢᠪᠲᠤᠯᠬᠤ︾ ᠠᠮᠢᠵᠢᠷᠠᠯ ᠤᠨ ᠬᠦᠴᠦᠨ ᠢ ᠲᠦᠷᠭᠡᠨ ᠪᠠᠳᠠᠷᠠᠭᠤᠯᠤᠨ᠎ᠠ︔ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ︽ᠤᠷᠤᠭᠰᠢᠯᠠᠬᠤ︾ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠪᠡ︔ ᠰᠣᠶᠣᠯ ᠵᠢᠭᠤᠯᠴᠢᠯᠠᠯ ᠤᠨ ᠠᠭᠤᠰᠤᠯᠴᠠᠯ ᠢᠶᠠᠷ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ︽ᠰᠠᠶᠢᠨ︾ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠪᠡ︔ ᠬᠤᠳᠠ ᠬᠥᠳᠡᠭᠡ ᠶᠢ ᠠᠭᠤᠰᠤᠯᠴᠠᠭᠤᠯᠬᠤ ᠪᠠᠷ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ︽ᠭᠤᠶᠤ︾ ᠥᠩᠭᠡ ᠵᠢᠰᠦ ᠶᠢ ᠭᠦᠢᠴᠡᠳ ᠢᠯᠡᠷᠡᠭᠦᠯᠪᠡ︔ ᠠᠮᠢ ᠠᠬᠤᠢ ᠶᠢᠨ ᠪᠣᠯᠪᠠᠰᠤᠨ ᠢᠶᠠᠷ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠬᠠᠮᠲᠤ ᠪᠠᠷ ᠡᠳ᠋ᠯᠡᠬᠦ ᠬᠥᠭᠵᠢᠯᠲᠡ ᠪᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ︽ᠬᠠᠷᠠᠭᠠᠯᠵᠠᠯ︾ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃      ᠵᠠᠩ ᡁᠢ ᠺᠦᠢ ᠮᠡᠳᠡᠭᠦᠯᠦᠯᠲᠡ ᠳᠡᠭᠡᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠡᠨᠴᠢ ᠰᠢᠳᠤᠷᠭᠤ ᠪᠠᠶᠢᠬᠤ ᠰᠡᠳᠬᠢᠯᠭᠡ ᠪᠠᠨ ᠡᠭᠦᠷᠢᠳᠡ ᠪᠠᠲᠤᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ᠃ ᠲᠥᠪ ᠭᠤᠣᠯᠴᠢ ᠰᠡᠳᠬᠢᠯ ᠢ ᠡᠭᠦᠷᠢᠳᠡ ᠬᠠᠳᠠᠭᠠᠯᠠᠵᠤ᠂ ᠬᠠᠤᠯᠢ ᠪᠠᠷ ᠵᠠᠰᠠᠬᠤ ᠪᠠᠲᠤ ᠴᠢᠩᠭ᠎ᠠ ᠵᠠᠰᠠᠭ ᠤᠨ ᠣᠷᠳᠣᠨ ᠢ ᠪᠠᠶᠢᠭᠤᠯᠤᠨ᠎ᠠ᠃ ᠡᠷᠡᠯᠬᠡᠭᠯᠡᠨ ᠤᠷᠤᠭᠰᠢᠯᠠᠬᠤ ᠰᠡᠳᠬᠢᠯ ᠢᠶᠠᠨ ᠡᠭᠦᠷᠢᠳᠡ ᠬᠠᠳᠠᠭᠠᠯᠠᠵᠤ᠂ ᠴᠢᠳᠠᠪᠤᠷᠢ ᠴᠢᠩᠭ᠎ᠠ ᠵᠠᠰᠠᠭ ᠤᠨ ᠣᠷᠳᠣᠨ ᠢ ᠪᠠᠶᠢᠭᠤᠯᠤᠨ᠎ᠠ᠃ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠨ ᠡᠭᠦᠷᠢᠳᠡ ᠬᠠᠳᠠᠭᠠᠯᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃      ᠵᠠᠩ ᡁᠢ ᠺᠦᠶ  ᠬᠠᠮᠤᠭ ᠤᠨ ᠰᠡᠭᠦᠯ ᠳᠤ᠂ ᠰᠢᠶᠠᠨ ᠢᠶᠠᠨ ᠬᠦᠴᠦᠷᠬᠡᠭᠵᠢᠭᠦᠯᠬᠦ ᠬᠠᠷᠠᠯᠲᠠ ᠲᠦᠷᠦᠭᠦᠨ ᠳᠤ᠂ ᠬᠥᠭᠵᠢᠯᠲᠡ ᠶᠢᠨ ᠬᠦᠨᠳᠦ ᠡᠭᠦᠷᠭᠡ ᠮᠥᠷᠥᠨ ᠳᠡᠭᠡᠷ᠎ᠡ  ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠬᠠᠮᠰᠠᠷ ᠠᠴᠠ ᠪᠠᠨ ᠬᠡᠷᠡᠭᠵᠢᠭᠦᠯᠦᠭᠴᠢ᠂ ᠠᠵᠢᠯᠯᠠᠭᠠᠨ ᠤ ᠪᠦᠯᠦᠭᠯᠡᠯ᠂ ᠪᠣᠳᠠᠲᠠᠢ ᠠᠵᠢᠯᠯᠠᠭᠴᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠢᠨᠭᠡᠷ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕      ᠶᠡᠭᠡ ᠬᠤᠷᠠᠯ ᠠᠴᠠ ᠪᠠᠰᠠ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠺᠠᠩ ᠱᠤᠤ ᠫᠧᠩ ᠤᠨ ᠬᠢᠭᠰᠡᠨ ︽ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠰᠣᠨᠣᠰᠴᠠᠢ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠦᠸᠧ ᠸᠧᠨ ᠵᠢᠶᠦ᠋ᠨ ᠤ ᠬᠤᠷᠢᠨᠭᠡᠷ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠦᠯ︶ ᠶᠢᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃      ᠬᠤᠷᠠᠯ ᠤᠨ ᠵᠥᠪᠯᠡᠬᠦ ᠵᠦᠢᠯ ᠤᠨ ᠶᠣᠰᠣᠭᠠᠷ᠂ ᠶᠡᠭᠡ ᠬᠤᠷᠠᠯ ᠠᠴᠠ ︽ᠬᠤᠷᠢᠨᠭᠡᠷ ᠰᠢᠶᠠᠨ ᠤ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ︾᠂ ︽ᠬᠤᠷᠢᠨᠭᠡᠷ ᠰᠢᠶᠠᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ ᠶᠢ ᠳᠠᠷᠤᠮᠠᠯᠯᠠᠨ ᠲᠠᠷᠬᠠᠭᠠᠪᠠ᠃      ᠲᠥᠯᠥᠭᠡᠯᠡᠭᠴᠢ ᠪᠢᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ᠂ ᠬᠠᠤᠯᠢ ᠴᠠᠭᠠᠵᠠ ᠳᠤ ᠲᠣᠭᠲᠠᠭᠠᠭᠰᠠᠨ ᠰᠤᠯᠠ ᠣᠷᠣᠯᠴᠠᠭᠰᠠᠳ᠂ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠭᠰᠠᠳ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠬᠤᠷᠠᠯ ᠳᠤ ᠰᠤᠯᠠ ᠣᠷᠣᠯᠴᠠᠪᠠ᠃        
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号