ᠯᠢ ᠯᠢᠦ ᠰᠢᠶᠤᠤ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠪᠠ᠃      ᠯᠢ ᠯᠢᠦ ᠰᠢᠶᠤᠤ ᠨᠠᠷ ᠰᠢᠩᠭᠡᠵᠢᠮᠠᠯ ᠬᠡᠢ ᠶᠢᠨ ᠦᠷᠳᠡᠭᠡ᠂ ᠠᠮᠠᠨ ᠬᠥᠨᠳᠡᠢ ᠶᠢᠨ ᠡᠮᠴᠢᠯᠡᠭᠡᠨ ᠤ ᠭᠠᠵᠠᠷ᠂ ᠬᠡᠳᠦ ᠳᠡᠯᠭᠡᠭᠦᠷ᠂ ᠬᠤᠭᠤᠯᠠᠨ ᠭᠡᠷ᠂ ᠰᠦᠯᠵᠢᠶᠡᠨ ᠤ ᠪᠠᠭᠠᠷ᠂ ᠵᠢᠵᠢᠭ ᠬᠥᠮᠥᠷᠭᠡ᠂ ᠵᠣᠴᠢᠳ ᠤᠨ ᠪᠠᠭᠤᠳᠠᠯ᠂ ᠬᠤᠸᠠᠷ ᠫᠤᠤᠵᠢᠩ ᠪᠣᠷᠣᠯᠠᠭᠤᠯᠬᠤ ᠳᠡᠯᠭᠡᠭᠦᠷ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ᠂ ᠲᠠᠷᠬᠠᠭᠠᠬᠤ ᠵᠠᠮ᠂ ᠦᠢᠯᠡᠴᠢᠯᠡᠭᠡᠨ ᠤ ᠪᠠᠲᠤᠯᠠᠭ᠎ᠠ ᠪᠣᠯᠤᠨ ᠠᠮᠤᠷ ᠲᠦᠪᠰᠢᠨ ᠤ ᠲᠦᠷᠢᠮ ᠤᠨ ᠬᠡᠷᠡᠭᠵᠢᠭᠦᠯᠦᠯᠲᠡ ᠬᠠᠮᠢᠶᠠᠷᠤᠯᠲᠠ ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃      ᠯᠢ ᠯᠢᠦ ᠰᠢᠶᠤᠤ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠤᠢᠢᠷ᠎ᠠ ᠶᠢᠨ ᠬᠤᠭᠤᠴᠠᠭᠠᠨ ᠳᠤ ᠭᠠᠷᠤᠭᠰᠠᠨ ᠬᠦᠨᠳᠦ ᠶᠡᠭᠡ ᠭᠠᠯ ᠤᠨ ᠠᠶᠤᠯ ᠤᠨ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ︾ ᠪᠠᠶᠢᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠠᠯᠳᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠠᠶᠤᠯᠭᠦᠢ ᠶᠢᠨ ᠠᠳᠡᠯ ᠭᠠᠷᠬᠤ ᠶᠢ ᠡᠷᠡᠰ ᠬᠤᠷᠢᠭᠯᠠᠵᠤ᠂ ᠶᠠᠭᠠᠬᠢᠭᠰᠠᠨ ᠴᠤ ᠠᠰᠠᠭᠤᠳᠠᠯ ᠭᠠᠷᠴᠤ ᠂ ᠠᠳᠡᠯ ᠭᠠᠷᠴᠤ ᠪᠣᠯᠬᠤ ᠥᠭᠡᠢ᠃ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠤᠷ ᠲᠠᠶᠢᠪᠤᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号