ᠬᠤᠷᠢᠨᠭᠡᠷ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠄ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠦᠵᠡᠰᠬᠦᠯᠡᠩᠲᠦ ᠰᠠᠶᠢᠬᠠᠨ ᠦᠵᠡᠮᠵᠢ ᠪᠣᠯᠪᠠ
ᠨᠡᠶᠢᠲᠡᠯᠡᠭᠰᠡᠨ ᠴᠠᠭ᠄
2024/2/18
     ᠯᠣᠣ ᠵᠢᠯ ᠬᠦᠷᠴᠦ ᠢᠷᠡᠬᠦ ᠳᠤ᠂ ᠪᠦᠬᠦ ᠰᠢᠶᠠᠨ ᠢᠶᠠᠷ ᠢᠶᠠᠨ ᠴᠠᠭᠠᠨ ᠰᠠᠷ᠎ᠠ ᠶᠢᠨ ᠪᠠᠶᠠᠷ ᠤᠨ ᠠᠭᠤᠷ ᠠᠮᠢᠰᠬᠤᠯ ᠳᠤ ᠪᠦᠷᠬᠦᠭᠳᠡᠵᠦ᠂ ᠬᠥᠮᠦᠰ ᠤᠨ ᠨᠠᠰᠢ ᠴᠠᠰᠢ ᠶᠠᠪᠤᠵᠤ ᠲᠦᠷᠦᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠳᠡᠭ ᠡᠳᠦᠷ ᠤᠳ ᠲᠤ᠂ ᠵᠡᠭᠡᠯᠢ ᠭᠤᠳᠤᠮᠵᠢᠨ ᠤ ᠭᠠᠵᠠᠷ ᠪᠣᠯᠭᠠᠨ ᠳᠤ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠦᠷᠵᠢᠨ ᠥᠩᠭᠡ︾ ᠬᠠᠷᠠᠭᠳᠠᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠡᠩ ᠤᠨ ᠦᠶ᠎ᠡ ᠲᠠᠢ ᠪᠠᠨ ᠠᠳᠠᠯᠢ ᠪᠠᠷ ᠬᠠᠷᠢᠭᠤᠴᠠᠯᠭᠠᠲᠤ ᠵᠠᠮ ᠤᠨ ᠬᠡᠰᠡᠭ ᠢᠶᠠᠨ ᠪᠠᠲᠤ ᠰᠠᠬᠢᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠮ ᠴᠡᠪᠡᠷᠯᠡᠬᠦ᠂ ᠴᠠᠰᠤ ᠬᠤᠷᠠᠵᠤ ᠵᠥᠭᠡᠭᠡᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠲᠡᠳᠡᠨ ᠤ ᠲᠤᠬᠠᠶᠢᠯᠠᠭᠰᠠᠨ ᠠᠵᠢᠯ ᠢᠶᠠᠨ ᠪᠠᠲᠤ ᠰᠠᠬᠢᠬᠤ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠᠷ ᠴᠡᠪᠡᠷ ᠴᠡᠮᠴᠡᠭᠡᠷ ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠴᠠᠭᠠᠨ ᠰᠠᠷ᠎ᠠ ᠶᠢᠨ ᠪᠠᠶᠠᠷ ᠲᠤ ᠪᠠᠶᠠᠷ ᠪᠠᠶᠠᠰᠤᠯ ᠪᠠ ᠬᠠᠯᠠᠭᠤᠨ ᠳᠤᠯᠠᠭᠠᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃      ᠬᠤᠳᠠ ᠶᠢᠨ ᠪᠦᠳᠡᠭᠢ ᠲᠤᠶᠠᠭ᠎ᠠ ᠠᠵᠠ ᠪᠠᠷ ︽ᠵᠦᠷᠵᠢ︾ ᠶᠢᠨ ᠲᠤᠶᠠᠭ᠎ᠠ ᠭᠠᠷᠤᠯ᠎ᠠ᠃ ᠡᠭᠡᠯ ᠵᠢᠷ ᠤᠨ ᠶᠠᠪᠤᠳᠠᠯ ᠢ ᠰᠠᠶᠢᠲᠤᠷ ᠬᠢᠬᠦ ᠨᠢ ᠳᠠᠷᠤᠢ ᠶᠡᠷᠦ ᠪᠤᠰᠤ ᠶᠢᠨ ᠶᠠᠪᠤᠳᠠᠯ ᠪᠣᠯᠤᠨ᠎ᠠ᠂ ᠳᠥᠭᠦᠮᠬᠡᠨ ᠶᠠᠪᠤᠳᠠᠯ ᠢ ᠰᠠᠶᠢᠲᠤᠷ ᠬᠢᠬᠦ ᠨᠢ ᠳᠠᠷᠤᠢ ᠬᠢᠯᠪᠠᠷ ᠪᠤᠰᠤ ᠶᠠᠪᠤᠳᠠᠯ ᠪᠣᠯᠤᠨ᠎ᠠ᠃ ᠴᠠᠭᠠᠨ ᠰᠠᠷ᠎ᠠ ᠪᠣᠯᠬᠤ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠰᠢᠷᠭᠠᠭᠤ ᠴᠢᠷᠮᠠᠶᠢᠯᠭ᠎ᠠ ᠨᠢ ᠮᠠᠨ ᠤ ᠬᠤᠲᠠ ᠶᠢ ᠴᠠᠭᠠᠨ ᠰᠠᠷ᠎ᠠ ᠶᠢᠨ ᠬᠤᠭᠤᠴᠠᠭᠠᠨ ᠳᠤ ᠴᠡᠪᠡᠷ ᠴᠡᠮᠴᠡᠭᠡᠷ ᠪᠠᠶᠢᠯᠭᠠᠵᠤ ᠪᠤᠢ᠃ ᠪᠢᠳᠡ ᠬᠠᠮᠲᠤ ᠪᠠᠷ ᠲᠡᠳᠡᠨ ᠢ ᠮᠠᠭᠲᠠᠨ ᠰᠠᠶᠢᠰᠢᠶᠠᠬᠤ ᠶᠢᠨ ᠬᠠᠮᠲᠤ ᠤᠯᠠᠨ ᠢᠶᠠᠷ ᠢᠶᠠᠨ ᠴᠠᠭᠠᠨ ᠰᠠᠷ᠎ᠠ ᠶᠢᠨ ᠬᠤᠭᠤᠴᠠᠭᠠᠨ ᠳᠤ ᠪᠣᠯᠪᠠᠰᠤᠨ ᠢᠶᠠᠷ ᠭᠠᠳᠠᠭᠰᠢ ᠶᠠᠪᠤᠵᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠢ ᠪᠠᠶᠢᠵᠤ᠂ ᠮᠠᠨ ᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号