ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠲᠤᠷᠠᠭᠰᠠᠨ ︽ᠲᠠᠮᠠᠬᠢ ᠥᠬᠡᠶ ᠪᠠᠶᠠᠷ ᠤᠨ ᠡᠳᠦᠷ ᠬᠠᠶᠢᠷ᠎ᠠ ᠲᠠᠢ ᠬᠠᠮᠲᠤ ᠤᠷᠤᠭᠰᠢᠯᠠᠶ᠎ᠠ︾ ᠭᠡᠬᠦ ᠲᠠᠮᠠᠬᠢ ᠬᠢᠵᠠᠭᠠᠷᠯᠠᠬᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/2
     ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠰᠤᠷᠤᠭᠴᠢᠳ ᠲᠤ ᠲᠠᠮᠠᠬᠢᠨ ᠤ ᠬᠤᠣᠷ ᠬᠥᠨᠥᠭᠡᠯ ᠢ ᠲᠠᠨᠢᠭᠤᠯᠵᠤ᠂ ᠲᠠᠮᠠᠬᠢ ᠲᠠᠲᠠᠬᠤ ᠶᠢ ᠬᠢᠵᠠᠭᠠᠷᠯᠠᠬᠤ ᠭᠤᠣᠯ ᠮᠡᠳᠡᠯᠭᠡ ᠶᠢ ᠣᠶᠢᠯᠠᠭᠠᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠰᠤᠷᠭᠠᠭᠤᠯᠢ᠂ ᠭᠡᠷ ᠪᠦᠯᠢ ᠶᠢᠨ ᠲᠠᠮᠠᠬᠢ ᠲᠠᠲᠠᠬᠤ ᠶᠢ ᠬᠢᠵᠠᠭᠠᠷᠯᠠᠬᠤ ᠬᠢᠨᠠᠯᠲᠠ ᠲᠠᠯᠪᠢᠭᠴᠢ ᠪᠣᠯᠬᠤ ᠶᠢ ᠵᠣᠷᠢᠭᠵᠢᠭᠤᠯᠵᠤ᠂ ︽ᠲᠠᠮᠠᠬᠢ ᠲᠠᠲᠠᠬᠤ ᠦᠭᠡᠢ ᠰᠤᠷᠭᠠᠭᠤᠯᠢ︾ ︽ᠲᠠᠮᠠᠬᠢ ᠲᠠᠲᠠᠬᠤ ᠦᠭᠡᠢ ᠭᠡᠷ ᠪᠦᠯᠢ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ 1 ᠰᠠᠷ᠎ᠠ ᠶᠢᠨ 31 ᠤ ᠡᠳᠦᠷ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠢᠶᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠤᠯᠪᠣᠭᠠᠯᠠᠨ ᠴᠧᠩ ᠭᠤᠸᠠᠨ ᠪᠠᠯᠭᠠᠰᠤᠨ ᠤ ᠶᠠᠮᠤᠨ ᠤ ᠭᠤᠳᠤᠮᠵᠢ ᠨᠡᠶᠢᠭᠡᠮ ᠲᠣᠭᠤᠷᠢᠭ ᠲᠤ ︽ᠲᠠᠮᠠᠬᠢ ᠦᠭᠡᠢ ᠪᠠᠶᠠᠷ ᠤᠨ ᠡᠳᠦᠷ ᠬᠠᠶᠢᠷ᠎ᠠ ᠲᠠᠢ ᠬᠠᠮᠲᠤ ᠤᠷᠤᠭᠰᠢᠯᠠᠶ᠎ᠠ︾ ᠭᠡᠬᠦ ᠭᠤᠣᠯ ᠰᠡᠳᠦᠪᠲᠦ ᠲᠠᠮᠠᠬᠢ ᠲᠠᠲᠠᠬᠤ ᠶᠢ ᠬᠢᠵᠠᠭᠠᠷᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠰᠢᠶᠠᠨ ᠤ ᠡᠷᠡᠭᠦᠯ ᠮᠡᠨᠳᠦ ᠶᠢ ᠬᠠᠶᠢᠷᠠᠯᠠᠬᠤ ᠦᠢᠯᠡᠴᠢᠯᠡᠭᠡᠨ ᠤ ᠲᠥᠪ ᠤᠨ ᠠᠵᠢᠯᠲᠠᠳ ᠲᠤᠬᠠᠶ ᠶᠢᠨ ᠲᠠᠯᠠᠪᠤᠷ ᠲᠤ ᠲᠠᠮᠠᠬᠢᠨ ᠤ ᠪᠦᠷᠢᠯᠳᠦᠬᠦᠨ ᠢ ᠲᠠᠨᠢᠯᠴᠠᠭᠤᠯᠵᠤ᠂ ᠲᠠᠮᠠᠬᠢ ᠲᠠᠲᠠᠬᠤ ᠶᠢᠨ ᠬᠤᠤᠷ ᠬᠥᠨᠥᠭᠡᠯ ᠢ ᠣᠯᠠᠨ ᠲᠠᠯ᠎ᠠ ᠠᠴᠠ ᠠᠮᠢᠳᠤᠯᠢᠭ ᠳᠦᠷᠰᠦᠯᠢᠭ ᠢᠶᠠᠷ ᠲᠠᠶᠢᠯᠪᠤᠷᠢᠯᠠᠬᠤ ᠶᠢᠨ ᠬᠠᠮᠲᠤ ᠳᠡᠷᠭᠡᠳᠡᠬᠢ ᠪᠣᠳᠠᠲᠤ ᠵᠢᠱᠢᠶ᠎ᠡ ᠶᠢ ᠵᠢᠭᠰᠠᠭᠠᠨ᠂ ᠰᠣᠷᠣᠭᠴᠢ᠂ ᠬᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠲᠠᠮᠠᠬᠢᠨ ᠤ ᠬᠤᠤᠷ ᠬᠥᠨᠥᠭᠡᠯ ᠢ ᠭᠦᠢᠴᠡᠳ ᠲᠠᠨᠢᠭᠤᠯᠵᠤ᠂ ᠠᠮᠢ ᠨᠠᠰᠤ ᠪᠠᠨ ᠨᠠᠨᠳᠢᠩᠨᠠᠵᠤ᠂ ᠲᠠᠮᠠᠬᠢ ᠠᠴᠠ ᠬᠤᠯᠠ ᠵᠠᠶᠢᠳᠠᠭᠤ  ᠪᠠᠶᠢᠬᠤ ᠬᠡᠷᠡᠭᠲᠡᠢ ᠭᠡᠪᠡ᠃      ᠠᠵᠢᠯᠯᠠᠭ᠎ᠠ ᠶᠢᠨ ᠳᠤᠮᠳᠠ ︽ᠲᠠᠮᠠᠬᠢ ᠥᠬᠡᠶ ᠨᠢ ᠦᠰᠦᠨ ᠪᠤᠶᠢᠵᠢᠯᠲᠠ ᠶᠢ ᠬᠠᠮᠠᠭᠠᠯᠠᠵᠤ ᠪᠤᠢ︾ ᠭᠡᠬᠦ ᠲᠠᠮᠠᠬᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠡᠷ ᠤᠨ ᠠᠬᠠᠮᠠᠳ ᠢ ᠬᠡᠷ ᠳᠣᠲᠣᠷ᠎ᠠ᠂ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠵᠤ ᠪᠣᠯᠬᠤ ᠥᠬᠡᠶ᠂ ᠬᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠲᠠᠮᠠᠬᠢ ᠲᠠᠲᠠᠬᠤ ᠶᠢ ᠵᠣᠭᠰᠣᠭᠠᠵᠤ᠂ ᠬᠡᠤᠬᠡᠳ ᠲᠠᠢ ᠪᠠᠨ ᠬᠠᠮᠲᠤ ᠲᠠᠮᠠᠬᠢ ᠲᠠᠲᠠᠬᠤ ᠶᠢ ᠬᠢᠵᠠᠭᠠᠷᠯᠠᠬᠤ ᠳᠡᠮᠵᠢᠭᠴᠢ ᠪᠠ ᠬᠥᠲᠥᠯᠥᠭᠴᠢ ᠪᠣᠯᠭᠠᠬᠤ ᠬᠡᠷᠡᠭᠲᠡᠶ ᠭᠡᠵᠦ ᠰᠠᠨᠠᠭᠤᠯᠪᠠ᠃      ᠲᠤᠰ ᠤᠳᠠᠭᠠᠨ ᠤ ᠪᠢᠴᠢᠬᠠᠨ ᠭᠠᠷ ᠲᠣᠮᠣ ᠭᠠᠷ ᠢᠶᠠᠨ ᠬᠥᠲᠥᠯᠥᠯᠴᠡᠨ ︽ᠲᠠᠮᠠᠬᠢ ᠦᠭᠡᠢ ᠪᠠᠶᠠᠷ ᠤᠨ ᠡᠳᠦᠷ ᠬᠠᠶᠢᠷ᠎ᠠ ᠲᠠᠢ ᠬᠠᠮᠲᠤ ᠤᠷᠤᠭᠰᠢᠯᠠᠶ᠎ᠠ︾ ᠭᠡᠬᠦ ᠠᠵᠢᠯᠯᠠᠭ᠎ᠠ ᠪᠠᠷ ᠳᠠᠮᠵᠢᠭᠤᠯᠤᠨ᠂ ᠲᠠᠮᠠᠬᠢ ᠲᠠᠲᠠᠬᠤ ᠦᠭᠡᠶ ᠪᠠᠷ ᠡᠷᠡᠭᠦᠯ ᠢᠶᠠᠷ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠰᠣᠶᠣᠯ ᠢ ᠶᠡᠭᠡ ᠪᠠᠷ ᠪᠠᠳᠠᠷᠠᠭᠤᠯᠵᠤ᠂ ᠰᠤᠷᠤᠭᠴᠢᠳ ᠤᠨ ᠲᠠᠮᠠᠬᠢᠨ ᠤ ᠬᠤᠣᠷ ᠬᠥᠨᠥᠭᠡᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠤᠷᠤᠭᠴᠢᠳ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠬᠤ ᠶᠢ ᠠᠬᠢᠭᠤᠯᠵᠤ᠂ ᠰᠤᠷᠤᠭᠴᠢᠳ ᠢ ᠬᠠᠪᠰᠤᠷᠤᠨ ︽ᠠᠩᠬᠠᠨ ᠤ ᠲᠠᠮᠠᠬᠢ ᠲᠠᠲᠠᠬᠤ ᠶᠢ ᠲᠡᠪᠴᠢᠵᠦ᠂ ᠲᠠᠮᠠᠬᠢ ᠦᠭᠡᠢ ᠰᠢᠨ᠎ᠡ ᠨᠢᠭᠡ ᠦᠶ᠎ᠡ ᠪᠣᠯᠬᠤ︾ ᠣᠶᠢᠯᠠᠭᠠᠭᠳᠠᠬᠤᠨ ᠢ ᠪᠤᠢ ᠪᠣᠯᠭᠠᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠰᠤᠷᠭᠠᠭᠤᠯᠢ᠂ ᠭᠡᠷ ᠪᠦᠯᠢ ᠶᠢᠨ ᠲᠠᠮᠠᠬᠢ ᠬᠢᠵᠠᠭᠠᠷᠯᠠᠬᠤ ᠬᠢᠨᠠᠯᠲᠠ ᠲᠠᠯᠪᠢᠭᠴᠢ ᠪᠣᠯᠬᠤ ᠶᠢ ᠵᠣᠷᠢᠭᠵᠢᠭᠤᠯᠵᠤ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠲᠠᠮᠠᠬᠢ ᠲᠠᠲᠠᠬᠤ ᠦᠭᠡᠢ᠂ ᠰᠠᠨᠠᠭᠠᠴᠢᠯᠠᠭ᠎ᠠ ᠠᠴᠠ ᠪᠠᠨ ᠲᠠᠮᠠᠬᠢ ᠪᠠᠨ ᠵᠣᠭᠰᠣᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ ᠭᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号