2 ᠳ᠋ᠤᠭᠠᠷ ᠰᠠᠷ᠎ᠠ ᠪᠣᠯ ᠤᠯᠠᠮᠵᠢᠯᠠᠯᠲᠤ ᠴᠠᠭᠠᠨ ᠰᠠᠷ᠎ᠠ ᠶᠢᠨ ᠪᠠᠶᠠᠷ ᠲᠣᠬᠢᠶᠠᠬᠤ ᠥᠯᠵᠡᠢ ᠬᠡᠶᠢᠮᠣᠷᠢ ᠲᠠᠢ᠂ | ᠬᠡᠰᠢᠭ ᠪᠤᠶᠠᠨ ᠬᠤᠷᠤᠶᠢᠯᠠᠭᠰᠠᠨ ᠰᠠᠷ᠎ᠠ ᠪᠣᠯᠣᠨ᠎ᠠ᠃ ᠡᠨᠡᠬᠦ ᠪᠡᠯᠭᠡ ᠳᠡᠮᠪᠡᠷᠡᠯ ᠲᠠᠢ ᠰᠠᠷ᠎ᠠ ᠳᠤ ᠶᠠᠮᠠᠷ ᠶᠠᠮᠠᠷ ᠪᠠᠶᠠᠷᠲᠤ | ᠴᠠᠭ ᠮᠥᠴᠡ ᠪᠢᠳᠠᠨ ᠢ ᠬᠦᠯᠢᠶᠡᠵᠦ ᠪᠠᠶᠢᠬᠤ ᠪᠣᠯ︖ | ᠥᠨᠥᠳᠥᠷ 2 ᠳ᠋ᠤᠭᠠᠷ ᠰᠠᠷ᠎ᠠ ᠶᠢᠨ 2 ᠤᠨ ᠡᠳᠦᠷ ᠮᠣᠩᠭᠤᠯᠴᠤᠳ ᠢ ᠪᠠᠭᠲᠠᠭᠠᠭᠰᠠᠨ ᠤᠮᠠᠷᠠᠲᠤ ᠣᠷᠣᠨ ᠤ | ᠬᠢᠨ ᠤᠯᠠᠮᠵᠢᠯᠠᠯᠲᠤ ᠶᠣᠰᠣᠭᠠᠷ ᠭᠠᠯ ᠢᠶᠠᠨ ᠲᠠᠬᠢᠵᠤ ᠪᠠᠶᠢᠬᠤ ᠪᠥᠭᠡᠳ ᠳᠡᠯᠡᠬᠡᠢ ᠨᠡᠶᠢᠲᠡ ᠪᠠᠷ ᠢᠶᠠᠨ ᠨᠤᠭᠤ | ᠭᠠᠵᠠᠷ ᠤᠨ ᠡᠳᠦᠷᠯᠢᠭ ᠢ ᠲᠡᠮᠳᠡᠭᠯᠡᠵᠦ ᠪᠠᠶᠢᠨ᠎ᠠ᠃ | ᠮᠠᠷᠭᠠᠰᠢ ᠳᠠᠷᠤᠢ 2 ᠳ᠋ᠤᠭᠠᠷ ᠰᠠᠷ᠎ᠠ ᠶᠢᠨ 3 ᠤ ᠡᠳᠦᠷ ᠡᠮᠦᠨᠡᠲᠦ ᠣᠷᠣᠨ ᠤ ᠬᠢᠨ ᠭᠠᠯ ᠢᠶᠠᠨ ᠲᠠᠬᠢᠨ᠎ᠠ᠃ | ᠳᠡᠯᠡᠬᠡᠢ ᠶᠢᠨ ᠦᠮᠡᠨ ᠡᠪᠡᠳᠴᠢᠨ ᠢ ᠰᠡᠷᠭᠡᠶᠢᠯᠡᠬᠦ ᠡᠳᠦᠷᠯᠢᠭ ᠪᠣᠯᠬᠤ 2 ᠳ᠋ᠤᠭᠠᠷ ᠰᠠᠷ᠎ᠠ ᠶᠢᠨ 4 ᠤ ᠡᠳᠦᠷ | ᠪᠢᠯᠢᠭ ᠤᠨ ᠤᠯᠠᠷᠢᠯ ᠢᠶᠠᠷ ᠬᠠᠪᠤᠷ ᠤᠨ ᠠᠭᠤᠷ ᠣᠷᠣᠨ᠎ᠠ᠃ | 2 ᠳ᠋ᠤᠭᠠᠷ ᠰᠠᠷ᠎ᠠ ᠶᠢᠨ 9 ᠤ ᠡᠳᠦᠷ ᠬᠤᠲᠠᠯᠠ ᠣᠯᠠᠨ ᠢᠶᠠᠷ ᠢᠶᠠᠨ ᠪᠠᠶᠠᠷ ᠬᠥᠷ ᠲᠠᠢ ᠪᠢᠲᠡᠭᠦᠯᠡᠵᠦ᠂ 10 ᠤ | ᠡᠳᠦᠷ ᠰᠢᠨ᠎ᠡ ᠶᠢᠨ ᠨᠢᠭᠡᠨ ᠢᠶᠠᠨ ᠤᠭᠲᠤᠵᠤ᠂ ᠰᠢᠨ᠎ᠡ ᠶᠢᠨ ᠵᠣᠯᠭᠠᠯᠲᠠ ᠬᠢᠨ᠎ᠡ᠃ | 2 ᠳ᠋ᠤᠭᠠᠷ ᠰᠠᠷ᠎ᠠ ᠶᠢᠨ 11 ᠤ ᠡᠳᠦᠷ ︽ᠬᠢᠲᠠᠳ ᠬᠡᠯᠡᠨ ᠤ ᠠᠪᠢᠶᠠᠴᠢᠯᠠᠯ ᠤᠨ ᠲᠥᠰᠥᠯ︾ ᠢ | ᠬᠡᠷᠡᠭᠵᠢᠭᠦᠯᠦᠭᠰᠡᠨ ᠤ 66 ᠵᠢᠯ ᠤᠨ ᠣᠢ ᠶᠢ ᠤᠭᠲᠤᠵᠤ᠂ 2 ᠳ᠋ᠤᠭᠠᠷ ᠰᠠᠷ᠎ᠠ ᠶᠢᠨ 13 ᠤ ᠡᠳᠦᠷ ᠨᠢ ᠳᠡᠯᠡᠬᠡᠢ ᠶᠢᠨ | ᠷᠠᠳᠢᠣ᠋ ᠶᠢᠨ ᠡᠳᠦᠷᠯᠢᠭ ᠢ ᠲᠡᠮᠳᠡᠭᠯᠡᠨ᠎ᠡ᠃ | 2 ᠳ᠋ᠤᠭᠠᠷ ᠰᠠᠷ᠎ᠠ ᠶᠢᠨ 17 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠥᠪᠥᠷ ᠮᠣᠩᠭᠤᠯ ᠳᠤ ᠡᠬᠢᠯᠡᠵᠦ᠂ 2 ᠳ᠋ᠤᠭᠠᠷ ᠰᠠᠷ᠎ᠠ ᠶᠢᠨ 27 ᠤ | ᠡᠳᠦᠷ ᠪᠣᠯᠲᠠᠯ᠎ᠠ ᠦᠷᠭᠦᠯᠵᠢᠯᠡᠵᠦ᠂ ᠴᠠᠰᠤ ᠮᠥᠰᠥᠨ ᠤ ᠤᠷᠤᠯᠳᠤᠭᠠᠨ ᠲᠡᠮᠡᠴᠡᠭᠡᠨ ᠢᠶᠠᠷ ᠣᠯᠠᠨ ᠤ ᠤᠷᠮ᠎ᠠ ᠶᠢ | ᠬᠥᠭᠵᠢᠭᠡᠬᠦ ᠪᠣᠯᠣᠨ᠎ᠠ᠃ | 2 ᠳ᠋ᠤᠭᠠᠷ ᠰᠠᠷ᠎ᠠ ᠶᠢᠨ 18 ᠤ ᠡᠳᠦᠷ᠂ ︽ᠭᠤᠸᠠᠩᠳᠦ᠋ᠩ᠂ ᠰᠢᠶᠠᠩᠭᠠᠩ᠂ ᠣᠣᠮᠧᠨ ᠤ ᠶᠡᠭᠡ ᠪᠤᠯᠤᠩ ᠤᠨ | ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠨᠡᠶᠢᠲᠡᠯᠡᠭᠰᠡᠨ ᠤ 5 ᠵᠢᠯ ᠤᠨ ᠣᠢ | ᠲᠣᠬᠢᠶᠠᠨ᠎ᠠ᠃ | 2 ᠳ᠋ᠤᠭᠠᠷ ᠰᠠᠷ᠎ᠠ ᠶᠢᠨ 19 ᠤ ᠡᠳᠦᠷ ᠪᠢᠳᠠ ᠪᠢᠯᠢᠭ ᠤᠨ ᠤᠯᠠᠷᠢᠯ ᠤᠨ ᠬᠤᠷ᠎ᠠ ᠤᠰᠤ ᠪᠠᠨ ᠤᠭᠲᠤᠬᠤ ᠶᠢᠨ | ᠬᠠᠮᠲᠤ ᠪᠠᠰᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ | ᠰᠣᠶᠣᠯ ᠤᠨ ᠪᠠᠶᠢᠭᠤᠯᠭ᠎ᠠ ᠶᠢᠨ ᠳᠤᠮᠳᠠᠳᠤ ᠤᠯᠤᠰ ᠤᠨ ᠺᠣᠮᠢᠰ ᠪᠠᠶᠢᠭᠤᠯᠤᠭᠳᠠᠭᠰᠠᠨ ᠤ 45 ᠵᠢᠯ ᠤᠨ ᠣᠢ ᠶᠢ | ᠪᠡᠯᠭᠡᠯᠡᠨ᠎ᠡ᠃ | 2 ᠳ᠋ᠤᠭᠠᠷ ᠰᠠᠷ᠎ᠠ ᠶᠢᠨ 24 ᠤ ᠡᠳᠦᠷ ᠪᠣᠯ ᠴᠠᠭᠠᠨ ᠰᠠᠷ᠎ᠠ ᠶᠢᠨ ᠠᠷᠪᠠᠨ ᠲᠠᠪᠤᠨ ᠤ ᠤᠯᠠᠮᠵᠢᠯᠠᠯᠲᠤ | ᠪᠠᠶᠠᠷ ᠤᠨ ᠡᠳᠦᠷ ᠪᠣᠯᠣᠨ᠎ᠠ᠃ | 2 ᠳ᠋ᠤᠭᠠᠷ ᠰᠠᠷ᠎ᠠ ᠶᠢᠨ 26 ᠤ ᠡᠳᠦᠷ᠂ ᠡᠮᠦᠨᠡᠲᠦ ᠲᠤᠶᠢᠯ ᠤᠨ ᠵᠥᠩ ᠱᠠᠨ ᠥᠷᠲᠡᠭᠡ ᠶᠢ | ᠪᠠᠶᠢᠭᠤᠯᠤᠭᠰᠠᠨ ᠤ 35 ᠵᠢᠯ ᠤᠨ ᠣᠢ ᠲᠣᠬᠢᠶᠠᠵᠤ᠂ 2 ᠳ᠋ᠤᠭᠠᠷ ᠰᠠᠷ᠎ᠠ ᠶᠢᠨ 28 ᠤ ᠡᠳᠦᠷ ᠳᠡᠯᠡᠬᠡᠢ ᠶᠢᠨ ᠣᠷᠣᠨ | ᠰᠠᠭᠤᠴᠠ ᠶᠢᠨ ᠨᠥᠬᠦᠴᠡᠯ ᠢ ᠪᠠᠶᠢᠴᠠᠭᠠᠬᠤ ᠡᠳᠦᠷ ᠲᠣᠬᠢᠶᠠᠨ᠎ᠠ᠃ | 2 ᠳ᠋ᠤᠭᠠᠷ ᠰᠠᠷ᠎ᠠ ᠶᠢᠨ 29 ᠤ ᠡᠳᠦᠷ ᠪᠣᠯ ᠣᠯᠠᠨ ᠤᠯᠤᠰ ᠤᠨ ᠬᠤᠪᠣᠷ ᠲᠣᠬᠢᠶᠠᠯᠳᠤᠬᠤ ᠡᠪᠡᠳᠴᠢᠨ ᠤ | ᠡᠳᠦᠷᠯᠢᠭ ᠪᠣᠯᠣᠨ᠎ᠠ᠃ | | | | |