ᠨᠣᠮ ᠪᠢᠴᠢᠭ ᠤᠨ ᠲᠦᠯᠬᠢᠭᠦᠷ ᠢᠶᠠᠷ ᠡᠷᠳᠡᠨᠢ ᠬᠠᠶᠢᠬᠤ ᠡᠭᠦᠳᠡ ᠶᠢ ᠨᠡᠭᠡᠭᠡᠨ᠎ᠡ — ᠬᠤᠷᠢᠨᠭᠡᠷ ᠰᠢᠶᠠᠨ ᠤ ᠨᠣᠮ ᠤᠨ ᠰᠠᠩ ᠨᠣᠮ ᠤᠨ ᠳᠠᠯᠠᠢ ᠶᠢᠨ ᠡᠷᠳᠡᠨᠢ ᠬᠠᠶᠢᠬᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/2/20
     2 ᠰᠠᠷ᠎ᠠ ᠶᠢᠨ 19 ᠤ ᠡᠳᠦᠷ᠂ ᠬᠤᠷᠢᠨᠭᠡᠷ ᠰᠢᠶᠠᠨ ᠤ ᠨᠣᠮ ᠤᠨ ᠰᠠᠩ ︽ᠨᠣᠮ ᠤᠨ ᠲᠡᠯᠡᠶ ᠶᠢᠨ ᠡᠷᠳᠡᠨᠢ ᠬᠠᠶᠢᠬᠤ ᠤᠷᠤᠯᠳᠤᠭᠠᠨ︾ ᠡᠷᠭᠢᠯᠡᠵᠦ᠂ ᠥᠷᠭᠡᠨ ᠣᠯᠠᠨ ᠤᠩᠰᠢᠭᠴᠢᠳ ᠲᠤ ᠡᠷᠳᠡᠮ ᠮᠡᠳᠡᠯᠭᠡ ᠪᠠ ᠪᠠᠶᠠᠷ ᠪᠠᠭ᠋ᠠᠳᠤᠯ ᠤᠨ ᠦᠪᠡᠳᠡᠭᠰᠢ ᠨᠠᠶᠢᠷ ᠢ ᠠᠪᠴᠢᠷᠠᠵᠤ ᠥᠭᠴᠡᠶ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 50 ᠭᠠᠷᠤᠢ ᠰᠡᠳᠦᠪ ᠬᠠᠷᠢᠭᠤᠯᠬᠤ ᠺᠠᠷᠲ ᠡᠯ᠎ᠡ ᠨᠣᠮ ᠤᠨ ᠵᠢᠶᠠᠰᠠᠨ ᠳᠡᠭᠡᠷ᠎ᠡ ᠲᠠᠷᠬᠠᠵᠤ᠂ ᠺᠠᠷᠲ ᠪᠦᠷᠢ ᠳᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠰᠡᠳᠦᠪ ᠳᠠᠭᠠᠯᠳᠤᠭᠤᠯᠵᠤ ᠪᠠᠶᠢᠯ᠎ᠠ᠃ ᠤᠩᠰᠢᠭᠴᠢᠳ ᠥᠪᠡᠷ ᠤᠨ ᠤᠶᠤᠨ ᠤᠬᠠᠭᠠᠨ ᠪᠠ ᠮᠡᠳᠡᠯᠭᠡ ᠪᠠᠷ ᠢᠶᠠᠨ ᠰᠡᠳᠦᠪ ᠤᠨ ᠠᠭᠤᠯᠭ᠎ᠠ ᠶᠢ ᠬᠠᠷᠢᠭᠤᠯᠬᠤ ᠬᠡᠷᠡᠭᠲᠡᠶ᠃ ᠬᠠᠷᠢᠭᠤᠯᠵᠤ ᠳᠡᠶᠢᠯᠬᠦ ᠥᠬᠡᠶ ᠺᠠᠷᠲ ᠢ ᠤᠤᠯ ᠭᠠᠵᠠᠷ ᠲᠤᠨᠢ ᠲᠠᠯᠪᠢᠵᠤ᠂ ᠪᠤᠰᠤᠳ ᠤᠩᠰᠢᠭᠴᠢᠳ ᠤᠨ ᠥᠷᠢᠰᠥᠯᠳᠦᠭᠡᠨ ᠳᠤ ᠣᠷᠣᠯᠴᠠᠬᠤ ᠵᠠᠪᠰᠢᠶᠠᠨ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠪᠦᠲᠦᠭᠡᠯᠴᠢ ᠰᠡᠳᠬᠢᠮᠵᠢ ᠪᠠ ᠥᠷᠢᠰᠥᠯᠳᠦᠭᠡᠨ ᠲᠠᠢ ᠡᠭᠦᠷᠭᠡ ᠪᠠᠷ ᠳᠡᠮᠵᠢᠨ᠂ ᠣᠷᠣᠯᠴᠠᠭᠰᠠᠳ ᠲᠤ ᠨᠣᠮ ᠤᠨ ᠰᠠᠩ ᠤᠨ ᠨᠣᠮ ᠪᠢᠴᠢᠭ ᠢ ᠣᠯᠵᠤ ᠦᠵᠡᠬᠦ ᠲᠣᠬᠢᠶᠠᠯ ᠪᠠᠶᠢᠬᠤ ᠪᠠᠷ ᠪᠠᠷᠠᠬᠤ ᠥᠬᠡᠶ᠂ ᠪᠠᠰᠠ ᠦᠯᠡᠮᠵᠢ ᠣᠯᠠᠨ ᠭᠡᠨᠡᠳᠲᠡ ᠶᠢᠨ ᠪᠠᠶᠠᠷ ᠤᠨ ᠱᠠᠩᠨᠠᠯ ᠣᠯᠭᠤᠬᠤ ᠲᠣᠬᠢᠶᠠᠯ ᠪᠠᠶᠢᠳᠠᠭ᠃      ᠲᠣᠰ ᠤᠳᠠᠭᠠᠨ ᠤ ᠡᠷᠳᠡᠨᠢ ᠬᠠᠶᠢᠬᠤ ᠠᠵᠢᠯᠯᠠᠭ᠎ᠠ ᠨᠢ ᠵᠥᠪᠬᠡᠨ ᠪᠠᠶᠠᠷ ᠤᠨ ᠡᠳᠦᠷ ᠤᠨ ᠪᠠᠶᠠᠷ ᠬᠥᠷ ᠲᠠᠢ ᠠᠭᠤᠷ ᠠᠮᠢᠰᠬᠤᠯ ᠢ ᠨᠡᠮᠡᠭᠳᠡᠭᠦᠯᠬᠦ ᠶᠢᠨ ᠲᠥᠯᠥᠭᠡ ᠪᠢᠰᠢ᠂ ᠨᠠᠩ ᠴᠤ ᠡᠨᠡ ᠬᠦ ᠵᠠᠪᠰᠢᠶᠠᠨ ᠢᠶᠠᠷ ᠨᠣᠮ ᠤᠨ ᠰᠠᠩ ᠤᠨ ᠬᠠᠳᠠᠭᠠᠯᠠᠮᠵᠢ ᠶᠢᠨ ᠦᠨ᠎ᠡ ᠥᠷᠲᠡᠭ ᠪᠠ ᠷᠢᠳᠢ ᠰᠢᠳᠢ ᠶᠢ ᠣᠯᠠᠨ ᠳᠤ ᠢᠯᠡᠷᠡᠭᠦᠯᠬᠦ ᠶᠢ ᠬᠦᠰᠡᠵᠦ ᠪᠠᠶᠢᠨ᠎ᠠ᠃ ᠨᠣᠮ ᠤᠨ ᠰᠠᠩ ᠪᠣᠯ ᠮᠡᠳᠡᠯᠭᠡ ᠶᠢᠨ ᠣᠷᠳᠣᠨ ᠮᠥᠨ᠂ ᠲᠡᠭᠦᠨ ᠳᠤ ᠡᠯᠪᠡᠭ ᠪᠠᠶᠠᠯᠢᠭ ᠤᠯᠠᠨ ᠶᠠᠩᠵᠤ ᠶᠢᠨ ᠰᠣᠶᠣᠯ ᠤᠨ ᠡᠷᠳᠡᠨᠢᠰ ᠤᠨ ᠰᠠᠩ ᠬᠠᠳᠠᠭᠠᠯᠠᠭᠳᠠᠵᠤ ᠪᠠᠶᠢᠳᠠᠭ᠂ ᠤᠩᠰᠢᠭᠴᠢᠳ ᠤᠨ ᠡᠷᠳᠡᠨᠢ ᠬᠠᠶᠢᠬᠤ ᠠᠵᠢᠯᠯᠠᠭ᠎ᠠ ᠳᠤ ᠣᠷᠣᠯᠴᠠᠬᠤ ᠪᠠᠷ ᠲᠠᠮᠵᠢᠨ ᠡᠷᠳᠡᠮ ᠮᠡᠳᠡᠯᠭᠡ ᠶᠢᠨ ᠬᠢᠵᠠᠭᠠᠯᠠᠰᠢ ᠦᠭᠡᠢ ᠷᠢᠳᠢ ᠰᠢᠳᠢ ᠶᠢ ᠣᠶᠢᠯᠠᠭᠠᠵᠤ ᠂ ᠨᠣᠮ ᠤᠨ ᠰᠠᠩ ᠤᠨ ᠬᠠᠯᠠᠭᠤᠨ ᠳᠤᠯᠠᠭᠠᠨ ᠢ ᠣᠶᠢᠯᠠᠭᠠᠬᠤ ᠶᠢ ᠬᠦᠰᠡᠳᠡᠭ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号