| | | 2 ᠰᠠᠷ᠎ᠠ ᠶᠢᠨ 18 ᠤ ᠡᠳᠦᠷ᠂ ᠬᠤᠷᠢᠨᠭᠡᠷ ᠰᠢᠶᠠᠨ ᠥᠯᠵᠡᠶᠢᠲᠦ ᠡᠳᠦᠷ ᠤᠨ ᠪᠠᠶᠠᠷ ᠤᠨ ᠰᠣᠶᠣᠯ ᠤᠨ | ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠪᠠ᠃ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠡᠯ᠎ᠡ ᠰᠢᠶᠠᠩ ᠪᠠᠯᠭᠠᠰᠤ ︵ᠪᠡᠯᠡᠳᠬᠡᠯ ᠳᠤᠭᠤᠶᠢᠯᠠᠩ︶ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ | ᠬᠤᠷᠠᠯ ᠠᠴᠠ ︽2024 ᠣᠨ ᠤ ᠬᠤᠷᠢᠨᠭᠡᠷ ᠰᠢᠶᠠᠨ ᠤ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ | ᠰᠣᠶᠣᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠰᠣᠨᠣᠰᠴᠤ᠂ ᠬᠤᠷᠠᠯ ᠳᠤ ᠣᠷᠣᠯᠴᠠᠭᠰᠠᠨ ᠨᠥᠬᠦᠳ | ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ ᠡᠷᠭᠢᠯᠡᠭᠰᠡᠨ ᠤᠯᠠᠮᠵᠢᠯᠠᠯᠲᠤ ᠠᠷᠠᠳ ᠤᠨ ᠵᠠᠩ | ᠦᠢᠯᠡ ᠶᠢᠨ ᠤᠳᠬ᠎ᠠ ᠤᠷᠠᠯᠢᠭ ᠤᠨ ᠵᠡᠭᠡᠯᠢ ᠳᠡᠭᠡᠷ᠎ᠡ ᠭᠢᠰᠬᠢᠬᠦ ᠠᠵᠢᠯᠯᠠᠭ᠎ᠠ᠂ ᠨᠡᠶᠢᠭᠡᠮ ᠤᠨ ᠭᠠᠯ ᠤᠨ ᠨᠠᠶᠢᠷ᠂ | ᠪᠣᠳᠠᠰ ᠤᠨ ᠪᠤᠰᠤ ᠰᠣᠶᠣᠯ ᠤᠨ ᠥᠪ ᠤᠨ ᠮᠢᠩᠭᠠᠨ ᠬᠥᠮᠦᠨ ᠤ ᠬᠤᠨᠢᠨ ᠮᠢᠬᠠᠨ ᠤ ᠨᠠᠶᠢᠷ᠂ ᠤᠷᠠᠨ ᠰᠠᠶᠢᠬᠠᠨ ᠤ | ᠦᠳᠡᠰᠢᠯᠡᠭᠡ᠂ ᠬᠤᠸᠠᠷ ᠫᠤᠤᠵᠢᠩ ᠤᠨ ᠦᠳᠡᠰᠢᠯᠡᠭᠡ᠂ ᠣᠨᠢᠰᠤᠭ᠎ᠠ ᠶᠢᠨ ᠴᠤᠭᠯᠠᠭᠠᠨ ᠵᠡᠷᠭᠡ ᠠᠵᠢᠯᠯᠠᠭ᠎ᠠ ᠶᠢᠨ ᠲᠤᠬᠠᠶ | ᠶᠠᠷᠢᠯᠴᠠᠨ ᠰᠤᠳᠤᠯᠤᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ | ᠪᠠᠶᠢᠷᠢᠯᠠᠭᠤᠯᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠡᠯ᠎ᠡ ᠠᠵᠢᠯ ᠤᠨ | ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠵᠡᠯ ᠰᠠᠨᠠᠭ᠎ᠠ ᠪᠠᠨ ᠨᠢᠭᠡᠳᠬᠡᠨ᠂ | ᠬᠠᠷᠢᠭᠤᠴᠠᠯᠭᠠᠲᠤ ᠰᠡᠳᠬᠢᠯᠭᠡ᠂ ᠰᠠᠨᠠᠭᠠᠴᠢᠯᠠᠭᠠᠲᠤ ᠴᠢᠨᠠᠷ ᠢᠶᠠᠨ ᠴᠢᠩᠬᠠᠣᠠᠬᠠᠬᠤ ᠬᠡᠷᠠᠭᠲᠠᠢ︔ ᠲᠥᠰᠦᠯ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠤᠯᠠᠮ ᠴᠢᠨᠠᠭᠰᠢᠳᠠ ᠲᠣᠳᠣᠷᠬᠠᠶᠢᠯᠠᠵᠤ᠂ ᠪᠣᠭᠤᠮᠲᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠬᠥᠮᠦᠨ ᠳᠤ | ᠬᠦᠷᠲᠡᠯ᠎ᠡ ᠨᠠᠷᠢᠯᠢᠬᠵᠢᠭᠤᠯᠬᠤ ᠬᠡᠷᠡᠭᠲᠡᠢ︔ ᠠᠵᠢᠯ ᠢᠶᠠᠨ ᠤᠯᠠᠮ ᠨᠢᠭᠡ ᠠᠯᠬᠤᠮ ᠪᠣᠳᠠᠲᠠᠶ ᠪᠥᠭᠡᠳ ᠨᠠᠷᠢᠯᠢᠭ ᠬᠢᠵᠦ᠂ | ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠵᠤ᠂ ᠳᠠᠯᠳᠠ ᠬᠡᠮ ᠦᠯᠡᠳᠡᠭᠡᠬᠦ ᠥᠬᠡᠶ ᠪᠠᠶᠢᠬᠤ ᠬᠡᠷᠡᠭᠲᠡᠶ︔ ᠵᠣᠬᠢᠶᠠᠨ ᠪᠠᠶᠢᠭᠤᠯᠵᠤ | ᠵᠣᠬᠢᠴᠠᠭᠤᠯᠬᠤ ᠪᠠᠨ ᠦᠨᠡᠨ ᠬᠦ ᠴᠢᠩᠭᠠᠳᠬᠠᠵᠤ᠂ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠬᠢᠵᠦ᠂ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠤᠨ᠂ ᠫᠷᠤᠭ᠍ᠷᠠᠮ ᠢ ᠬᠥᠮᠦᠨ ᠪᠦᠬᠦᠨ ᠳᠤ ᠮᠠᠭᠲᠠᠭᠳᠠᠬᠤ ᠶᠢ ᠪᠡᠶᠡᠯᠡᠭᠦᠯᠬᠦ ᠬᠡᠷᠡᠭᠲᠡᠶ︔ | ᠤᠬᠠᠭᠤᠯᠤᠨ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠬᠥᠷ ᠬᠥᠭᠵᠢᠶᠡᠨ ᠲᠠᠢ᠂ ᠡᠮᠬᠢ ᠵᠢᠷᠤᠮ ᠲᠠᠢ᠂ ᠠᠮᠤᠷ ᠲᠦᠪᠰᠢᠨ ᠥᠯᠵᠡᠶᠢᠲᠦ ᠡᠳᠦᠷ ᠤᠨ | ᠦᠪᠡᠳᠡᠭᠰᠢ ᠴᠤᠭᠯᠠᠭᠠᠨ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠬᠤ ᠬᠡᠷᠡᠭᠲᠡᠶ ᠭᠡᠵᠡᠢ᠃ | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |