ᠥᠪᠥᠷ ᠮᠣᠩᠭᠤᠯ 2024 ᠣᠨ ᠤ 1 ᠳ᠋ᠦ᠋ᠭᠡᠷ ᠲᠣᠭᠠᠲᠤ ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2024/2/20
     2 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠨᠢᠭᠡᠨᠲᠡ 2024 ᠣᠨ ᠤ 1 ᠳ᠋ᠦ᠋ᠭᠡᠷ ᠲᠣᠭᠠᠲᠤ ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ᠶᠢ ᠨᠡᠶᠢᠲᠡᠯᠡᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ᠂ ᠵᠠᠰᠠᠵᠤ ᠬᠠᠮᠠᠭᠠᠯᠠᠬᠤ ᠶᠢ ᠴᠢᠩᠭᠠᠳᠬᠠᠬᠤ᠂ ᠲᠤᠰᠠᠯᠠᠵᠤ ᠪᠠᠲᠤᠯᠠᠬᠤ ᠶᠢ ᠲᠡᠭᠦᠯᠳᠡᠷᠵᠢᠭᠦᠯᠬᠦ 3 ᠲᠠᠯ᠎ᠠ ᠠᠴᠠ 2024 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ 17 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃      ᠤᠢ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ᠂ ᠤᠢ ᠰᠢᠭᠤᠢ ᠶᠢᠨ ᠳᠠᠷᠤᠭ᠎ᠠ ᠳᠦᠷᠢᠮᠵᠢᠯ ᠲᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠣᠶ ᠰᠢᠭᠤᠢ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠣᠷᠣᠨ ᠵᠠᠢ ᠶᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠯᠭᠡᠷᠡᠭᠦᠯᠦᠨ᠎ᠡ᠃ ᠦᠨᠳᠦᠰᠦᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢᠨ ᠵᠣᠯᠭᠠᠯᠴᠠᠭ᠎ᠠ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠤᠢ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠦᠬᠦ ᠵᠢᠯ ᠳᠤ 300 ᠲᠦᠮᠡᠨ ᠮᠦ ᠠᠴᠠ ᠳᠡᠭᠡᠭᠰᠢ ᠣᠶᠢᠵᠢᠭᠤᠯᠬᠤ᠂ 1300 ᠲᠦᠮᠡᠨ ᠮᠦ ᠠᠴᠠ ᠳᠡᠭᠡᠭᠰᠢ ᠡᠪᠡᠰᠦ ᠲᠠᠷᠢᠬᠤ᠂ 1500 ᠲᠦᠮᠡᠨ ᠮᠦ ᠠᠴᠠ ᠳᠡᠭᠡᠭᠰᠢ ᠡᠯᠡᠰᠦᠷᠡᠬᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠪᠡᠶᠡᠯᠡᠭᠦᠯᠵᠦ᠂ 3000 ᠲᠦᠮᠡᠨ ᠰᠠᠭᠤᠷᠢ ᠠᠴᠠ ᠳᠡᠭᠡᠭᠰᠢ ᠠᠯᠪᠠᠨ ᠵᠢᠷᠤᠮ ᠤᠨ ᠮᠣᠳᠣ ᠲᠠᠷᠢᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠᠨ ᠶᠡᠭᠡ ᠳᠠᠶᠢᠯᠠᠯᠳᠤᠭᠠᠨ ᠤ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠠᠲᠤᠨ ᠭᠤᠣᠯ ᠤᠨ ︽ᠶᠡᠭᠡ ᠲᠣᠬᠤᠢ︾ ᠶᠢᠨ ᠰᠢᠪᠲᠤᠯᠤᠯᠲᠠ ᠶᠢ 758 ᠲᠦᠮᠡᠨ ᠮᠦ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠲᠡ ᠶᠢ 549 ᠲᠦᠮᠡᠨ ᠮᠦ᠂ ᠾᠧᠰᠢ ᠬᠤᠩᠭᠢᠯ ᠤᠨ — ᠲᠠᠺᠯᠢᠮᠠᠺᠠᠨ ᠡᠯᠡᠰᠦᠨ ᠴᠥᠯ ᠤᠨ ᠬᠦᠪᠡᠭᠡ ᠵᠠᠬ᠎ᠠ ᠶᠢᠨ ᠬᠤᠷᠢᠭᠯᠠᠯᠲᠠ ᠶᠢ 131 ᠲᠦᠮᠡᠨ ᠮᠦ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ᠃      ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠪᠠᠨ ᠴᠢᠩᠭᠠᠳᠬᠠᠵᠤ᠂ ︽ᠣᠭᠲᠠᠷᠭᠤᠢ ᠳᠡᠭᠡᠷ᠎ᠡ ᠠᠴᠠ ᠠᠵᠢᠭᠯᠠᠬᠤ᠂ ᠭᠠᠵᠠᠷ ᠳᠡᠭᠡᠷ᠎ᠡ ᠠᠴᠠ ᠪᠠᠶᠢᠴᠠᠭᠠᠬᠤ︾ ᠨᠡᠶᠢᠳᠡᠮ ᠪᠦᠷᠬᠦᠭᠦᠯᠬᠦ ᠮᠠᠶ᠋ᠢᠭ ᠤᠨ ᠣᠶ ᠰᠢᠭᠤᠢ ᠶᠢᠨ ᠰᠢᠮᠳᠠᠭᠤᠯᠤᠨ ᠪᠠᠶᠢᠴᠠᠭᠠᠯᠲᠠ ᠪᠠ ᠨᠤᠲᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠶᠢ ᠪᠠᠶᠢᠩᠭᠤᠰᠢᠭᠤᠯᠤᠨ ᠥᠷᠨᠢᠭᠦᠯᠵᠦ᠂ ᠪᠠᠶᠢᠭᠠᠯᠢᠯᠢᠭ ᠣᠶ ᠰᠢᠭᠤᠢ ᠶᠢᠨ ᠬᠠᠮᠠᠭᠠᠯᠠᠯᠲᠠ ᠪᠠ ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠶᠢᠨ ᠬᠠᠮᠢᠶᠠᠷᠤᠯᠲᠠ ᠶᠢ ᠨᠢᠭᠡᠳᠬᠡᠬᠦ ᠶᠢ ᠬᠡᠷᠡᠭᠵᠢᠭᠦᠯᠵᠦ᠂ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ ᠶᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠬᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠯᠠᠱᠠ ᠠᠭᠤᠯᠠ᠂ ᠲᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠭᠠᠯ ᠰᠡᠷᠭᠡᠶᠢᠯᠡᠬᠦ ᠲᠣᠥᠷᠵᠢᠭᠤᠯᠤᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠡᠯ᠎ᠡ ᠭᠠᠵᠠᠷ ᠤᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠ ᠨᠡᠶᠢᠲᠡᠯᠢᠭ ᠠᠷᠭ᠎ᠠ ᠬᠢᠳᠡᠯ ᠢ ᠲᠥᠪᠯᠡᠷᠡᠭᠦᠯᠦᠨ ᠤᠬᠠᠭᠤᠯᠤᠨ ᠮᠡᠳᠡᠭᠡᠯᠡᠨ᠎ᠡ᠃ ︽ᠣᠢ ᠰᠢᠭᠤᠢ ᠶᠢᠨ ᠳᠠᠷᠤᠭ᠎ᠠ + ᠭᠤᠣᠯᠳᠠᠯᠭ᠎ᠠ ᠲᠠᠢ ᠠᠵᠢᠯ︾ ᠢ ᠭᠦᠨᠵᠡᠭᠡᠶᠢᠷᠡᠭᠦᠯᠵᠦ᠂ ᠣᠢ ᠰᠢᠭᠤᠢ ᠶᠢᠨ ᠳᠠᠷᠤᠭ᠎ᠠ ᠶᠢᠨ ᠵᠠᠷᠯᠢᠭ ᠪᠠᠭᠤᠯᠭᠠᠬᠤ᠂ ᠰᠢᠮᠳᠠᠭᠤᠯᠤᠨ ᠰᠢᠢᠳᠪᠦᠷᠢᠯᠡᠬᠦ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ ᠵᠡᠷᠭᠡ ᠲᠣᠭᠲᠠᠴᠠ ᠶᠢ ᠰᠠᠶᠢᠲᠤᠷ ᠬᠡᠷᠡᠭᠯᠡᠨ᠎ᠡ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号