ᠮᠠᠨ ᠤ ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ︽ᠬᠤᠳᠠ ᠶᠢᠨ ᠶᠡᠭᠡ ᠲᠠᠷᠢᠬᠢ︾ ᠲᠠᠢ ᠠᠮᠵᠢᠯᠲᠠ ᠲᠠᠢ ᠵᠠᠯᠭᠠᠪᠠ
ᠨᠡᠶᠢᠲᠡᠯᠡᠭᠰᠡᠨ ᠴᠠᠭ᠄
2024/2/26
     ︵ᠰᠤᠷᠪᠤᠯᠵᠢᠯᠠᠭᠴᠢ ᠶᠦᠨ ᠶᠠᠨ ᠹᠠᠩ︶ ᠮᠠᠨ ᠤ ᠬᠤᠲᠠ ᠶᠢᠨ 110 ᠰᠠᠯᠠᠭ᠎ᠠ ᠮᠥᠴᠢᠷ ᠤᠨ ᠰᠢᠰᠲ᠋ᠧᠮ ᠤᠨ ᠲᠤᠭ᠎ᠠ ᠪᠠᠷᠢᠮᠲᠠ ᠶᠢ ᠬᠤᠲᠠ ᠶᠢᠨ ᠶᠡᠭᠡ ᠲᠠᠷᠢᠬᠢᠨ ᠳᠤ ︽ᠵᠠᠯᠭᠠᠵᠤ ᠪᠣᠯᠬᠤ ᠶᠢ ᠪᠦᠬᠦᠨ ᠢ ᠵᠠᠯᠭᠠᠵᠤ᠂ ᠬᠤᠷᠢᠶᠠᠩᠭᠤᠶᠢᠯᠠᠵᠤ ᠪᠣᠯᠬᠤ ᠶᠢ ᠪᠦᠬᠦᠨ ᠢ ᠬᠤᠷᠢᠶᠠᠩᠭᠤᠶᠢᠯᠠᠵᠤ᠂ ᠬᠡᠷᠡᠭᠯᠡᠵᠦ ᠪᠣᠯᠬᠤ ᠶᠢ ᠪᠦᠬᠦᠨ ᠢ ᠬᠡᠷᠡᠭᠯᠡᠵᠦ︾᠂ ︽ᠳᠡᠯᠭᠡᠴᠡ ᠠᠴᠠ ᠪᠦᠬᠦ ᠬᠤᠳᠠ ᠶᠢ ᠬᠠᠷᠠᠵᠤ᠂ ᠲᠤᠭ᠎ᠠ ᠪᠠᠷᠢᠮᠲᠠ ᠪᠦᠬᠦ ᠣᠷᠣᠨ ᠪᠦᠰᠡ ᠳᠤ ᠨᠡᠪᠲᠡᠷᠡᠬᠦ︾ ᠠᠵᠢᠯ ᠤᠨ ᠱᠠᠭᠠᠷᠳᠠᠯᠭ᠎ᠠ ᠶᠢ ᠠᠬᠢᠭᠤᠯᠬᠤ ᠶᠢᠨ ᠲᠦᠯᠦᠭᠡ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠬᠢᠨ ᠳᠠᠷᠤᠢ ᠲᠦᠷᠭᠡᠨ ᠳᠠᠭᠠᠵᠤ᠂ ᠢᠳᠡᠪᠬᠢᠲᠡᠢ ᠪᠠᠷ ᠵᠣᠯᠭᠠᠭᠤᠯᠵᠤ ᠂ ᠣᠳᠣᠬᠠᠨ ᠳᠤ ᠨᠢᠭᠡᠨᠲᠡ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠶᠡᠭᠡ ᠲᠢᠩᠬᠢᠮ ᠢ ︽ᠣᠶᠤᠨᠲᠤ ᠬᠥᠬᠡ ᠬᠤᠲᠠ︾ ᠬᠤᠲᠠ ᠶᠢᠨ ᠶᠡᠭᠡ ᠲᠠᠷᠢᠬᠢᠨ ᠳᠤ ᠵᠠᠯᠭᠠᠨ ᠣᠷᠣᠭᠤᠯᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠦᠵᠡᠭᠳᠡᠬᠦᠶᠢᠴᠡ ᠪᠣᠯᠭᠠᠪᠠ᠃      ᠣᠶᠢᠯᠠᠭᠠᠭᠰᠠᠨ ᠢᠶᠠᠷ᠂ ᠲᠤᠰ ᠠᠵᠢᠯ ᠤᠨ ᠡᠭᠦᠷᠭᠡ ᠶᠢ ᠬᠦᠯᠢᠶᠡᠨ ᠠᠪᠤᠭᠰᠠᠨ ᠠᠴᠠ ᠨᠠᠭᠠᠰᠢ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠪ ᠲᠤᠰᠬᠠᠢ ᠬᠥᠮᠥᠨ ᠲᠣᠮᠢᠯᠠᠨ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠬᠡᠷᠡᠭᠯᠡᠯᠲᠡ ᠶᠢᠨ ᠪᠠᠶᠢᠳᠠᠯ ᠢ ᠪᠦᠬᠦ ᠲᠠᠯ᠎ᠠ  ᠪᠠᠷ ᠡᠮᠬᠢᠯᠡᠵᠦ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠣᠪᠴᠢ ᠲᠠᠨᠢᠯᠴᠠᠭᠤᠯᠭ᠎ᠠ ᠵᠢᠴᠢ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠨᠠᠷᠢᠨ ᠲᠠᠩᠰᠠ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠮᠡᠷᠭᠡᠵᠢᠯ ᠤᠨ ᠠᠵᠢᠯᠲᠠᠨ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠮᠡᠷᠭᠡᠵᠢᠯ ᠢ ᠵᠣᠯᠭᠠᠭᠤᠯᠵᠤ ᠬᠤᠯᠪᠤᠭᠠᠯᠠᠨ ᠲᠣᠬᠢᠷᠠᠭᠤᠯᠬᠤ ᠠᠵᠢᠯ ᠢ ᠡᠬᠢᠯᠡᠭᠦᠯᠵᠦ᠂ ᠬᠤᠲᠠ ᠶᠢᠨ ᠶᠡᠭᠡ ᠲᠠᠷᠢᠬᠢᠨ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ᠂ ᠭᠠᠷᠭᠠᠨ ᠠᠪᠬᠤ᠂ ᠵᠢᠭᠡᠯᠡᠯᠭᠡ ᠥᠭᠬᠦ ᠲᠤᠬᠠᠶᠢᠯᠠᠭᠰᠠᠨ ᠠᠵᠢᠯ ᠤᠨ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠤᠷᠤᠭᠰᠢᠲᠠᠢ ᠳᠡᠯᠭᠡᠨ ᠦᠵᠡᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠦᠢᠴᠡᠳᠬᠡᠭᠰᠡᠨ ᠲᠤᠬᠠᠶᠢᠯᠠᠭᠰᠠᠨ ᠠᠵᠢᠯ ᠤᠨ ᠲᠤᠭ᠎ᠠ ᠬᠡᠮᠵᠢᠶ᠎ᠡ ᠵᠢᠴᠢ ᠡᠵᠡᠯᠡᠬᠦ ᠬᠠᠷᠢᠴᠠᠯ ᠢ ᠰᠢᠭᠤᠳ ᠢᠯᠡᠷᠡᠭᠦᠯᠵᠦ᠂ ᠬᠥᠬᠡᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠪᠥᠬᠦ ᠪᠠᠶᠢᠳᠠᠯ︾ ᠢ ᠪᠣᠰᠤᠭ᠎ᠠ ᠴᠣᠭᠴᠠ ᠪᠠᠷ ᠢᠯᠡᠷᠡᠭᠦᠯᠪᠡ᠃ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠬᠤᠲᠠ ᠶᠢᠨ ᠶᠡᠭᠡ ᠲᠠᠷᠢᠬᠢᠨ ᠳᠤ ᠵᠠᠯᠭᠠᠨ ᠤᠷᠤᠭᠤᠯᠤᠭᠰᠠᠨ ᠨᠢ ᠭᠤᠣᠯᠳᠠᠯᠭ᠎ᠠ ᠲᠠᠢ ᠮᠡᠳᠡᠭᠡ ᠵᠠᠩᠭᠢ ᠶᠢ ᠦᠳᠲᠡᠷ ᠲᠦᠷᠭᠡᠨ ᠣᠯᠵᠤ᠂ ᠲᠤᠬᠠᠶᠢᠯᠠᠭᠰᠠᠨ ᠠᠵᠢᠯ ᠤᠨ ᠪᠥᠬᠦ ᠲᠠᠯ᠎ᠠ ᠶᠢ ᠣᠶᠢᠯᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠪᠰᠤᠷᠤᠮᠵᠢ ᠪᠣᠯᠵᠤ᠂ ᠣᠷᠣᠨ ᠤ ᠲᠥᠪ ᠬᠤᠲᠠ ᠶᠢᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号